ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠳᠣᠯᠤᠭ᠎ᠠ︶
ᠨᠡᠶᠢᠲᠡᠯᠡᠭᠰᠡᠨ ᠴᠠᠭ᠄
2020/1/6
     ᠠᠷᠪᠠᠨ ᠨᠠᠢᠮᠠ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠶᠠᠮᠠᠷ ᠶᠠᠮᠠᠷ ᠲᠥᠷᠥᠯ ᠬᠡᠯᠪᠡᠷᠢ ᠪᠠᠶᠢᠬᠤ ᠪᠣᠢ︖      ᠬᠠᠷᠢᠭᠤᠯᠲᠠ᠄ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠨᠢ ᠰᠢᠯᠵᠢᠭᠦᠯᠦᠨ ᠠᠵᠢᠯ ᠣᠯᠭᠤᠬᠤ ᠠᠴᠠ ᠡᠮᠦᠨᠡᠬᠢ ᠪᠣᠯᠪᠠᠰᠤᠷᠠᠭᠤᠯᠤᠯ᠂ ᠠᠵᠢᠯ ᠤᠨ ᠪᠠᠶᠢᠷᠢ ᠳᠡᠭᠡᠷ᠎ᠡ ᠪᠠᠨ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠪᠣᠯᠪᠠᠰᠤᠷᠠᠭᠤᠯᠤᠯ ᠪᠠ ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ ᠭᠡᠬᠦ ᠭᠤᠷᠪᠠᠨ ᠲᠥᠷᠥᠯ ᠬᠡᠯᠪᠡᠷᠢ ᠶᠢ ᠪᠠᠭᠲᠠᠭᠠᠨ᠎ᠠ᠃      ᠰᠢᠯᠵᠢᠭᠦᠯᠦᠨ ᠠᠵᠢᠯ ᠣᠯᠭᠤᠬᠤ ᠠᠴᠠ ᠡᠮᠦᠨᠡᠬᠢ ᠪᠣᠯᠪᠠᠰᠤᠷᠠᠭᠤᠯᠤᠯ ᠪᠣᠯ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠳᠠᠬᠢ ᠪᠣᠯᠪᠠᠰᠤᠷᠠᠭᠤᠯᠤᠯ ᠳᠤ ᠣᠷᠣᠯᠴᠠᠬᠤ ᠬᠦᠰᠡᠯ ᠡᠷᠡᠮᠡᠯᠵᠡᠯ ᠲᠠᠢ ᠪᠠ ᠠᠵᠢᠯ ᠣᠯᠬᠤ ᠬᠦᠰᠡᠯ ᠡᠷᠡᠮᠡᠯᠵᠡᠯ ᠲᠠᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠳᠤ ᠴᠢᠭᠯᠡᠭᠦᠯᠦᠨ ᠥᠷᠨᠢᠭᠦᠯᠦᠭᠰᠡᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠣᠯᠣᠨ᠎ᠠ᠃ ᠪᠣᠯᠪᠠᠰᠤᠷᠠᠭᠤᠯᠤᠯ ᠤᠨ ᠬᠡᠯᠪᠡᠷᠢ ᠨᠢ ᠭᠤᠣᠯᠳᠠᠭᠤ ᠬᠠᠭᠤᠳᠠᠰᠤ ᠵᠠᠬᠢᠶᠠᠯᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ ᠴᠢᠭᠯᠡᠯ ᠢ ᠲᠣᠭᠲᠠᠭᠠᠬᠤ ᠬᠡᠯᠪᠡᠷᠢ ᠪᠠᠷ ᠪᠣᠯᠪᠠᠰᠤᠷᠠᠭᠤᠯᠤᠯ ᠬᠢᠨ᠎ᠡ᠃ ᠡᠨᠡ ᠬᠦ ᠲᠥᠷᠥᠯ ᠤᠨ ᠪᠣᠯᠪᠠᠰᠤᠷᠠᠭᠤᠯᠤᠯ ᠢ ᠡᠷᠬᠡᠪᠰᠢ ᠠᠵᠢᠯ ᠠᠯᠳᠠᠭᠰᠠᠨ ᠪᠠᠶᠢᠳᠠᠯ ᠳᠣᠣᠷ᠎ᠠ ᠶᠠᠪᠤᠭᠳᠠᠭᠤᠯᠤᠨ᠎ᠠ᠃      ᠠᠵᠢᠯ ᠤᠨ ᠪᠠᠶᠢᠷᠢ ᠳᠡᠭᠡᠷ᠎ᠡ ᠪᠠᠨ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠪᠣᠯᠪᠠᠰᠤᠷᠠᠭᠤᠯᠤᠯ ᠪᠣᠯ ᠨᠢᠭᠡᠨᠲᠡ ᠠᠵᠢᠯ ᠣᠯᠣᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢᠳ ᠲᠤ ᠴᠢᠭᠯᠡᠭᠦᠯᠵᠦ᠂ ᠲᠡᠭᠦᠨ ᠤ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢᠨ ᠬᠡᠷᠡᠭᠴᠡᠭᠡ ᠱᠠᠭᠠᠷᠳᠠᠯᠭ᠎ᠠ ᠪᠠ ᠠᠵᠢᠯ ᠤᠨ ᠪᠠᠶᠢᠷᠢ ᠶᠢ ᠰᠢᠯᠵᠢᠭᠦᠯᠦᠨ ᠠᠳᠠᠯ ᠦᠢᠯᠡᠰ ᠢ ᠬᠤᠪᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ ᠥᠷᠨᠢᠭᠦᠯᠦᠭᠰᠡᠨ ᠠᠵᠢᠯᠲᠠᠳ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠤᠶᠤ ᠠᠵᠢᠯ ᠤᠨ ᠪᠠᠶᠢᠷᠢ ᠶᠢ ᠨᠢ ᠰᠢᠯᠵᠢᠭᠦᠯᠦᠨ ᠠᠵᠢᠯ ᠦᠢᠯᠡᠰ ᠢ ᠨᠢ ᠬᠤᠪᠢᠷᠠᠭᠤᠯᠬᠤ ᠪᠣᠯᠪᠠᠰᠤᠷᠠᠭᠤᠯᠤᠯ ᠪᠣᠯᠣᠨ᠎ᠠ᠃ ᠡᠨᠡ ᠬᠦ ᠲᠥᠷᠥᠯ ᠤᠨ ᠪᠣᠯᠪᠠᠰᠤᠷᠠᠭᠤᠯᠤᠯ ᠢ ᠭᠤᠣᠯᠳᠠᠭᠤ ᠠᠵᠢᠯ ᠲᠥᠷᠥᠯ ᠪᠤᠶᠤ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠠᠴᠠ ᠥᠷᠨᠢᠭᠦᠯᠦᠨ᠎ᠡ᠃      ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ ᠪᠣᠯ ᠠᠳᠠᠯ ᠦᠢᠯᠡᠰ ᠪᠣᠰᠬᠠᠬᠤ ᠬᠦᠰᠡᠯ ᠡᠷᠡᠮᠡᠯᠵᠡᠯ ᠲᠠᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢᠯᠡᠭᠴᠢᠳ ᠵᠢᠴᠢ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢᠳ ᠲᠤ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠴᠢᠳᠠᠪᠤᠷᠢ ᠪᠠ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠬᠡᠪ ᠴᠢᠨᠠᠷ ᠵᠡᠷᠭᠡ ᠲᠠᠯ᠎ᠠ ᠪᠠᠷ ᠥᠷᠨᠢᠭᠦᠯᠦᠭᠰᠡᠨ ᠪᠣᠯᠪᠠᠰᠤᠷᠠᠭᠤᠯᠤᠯ ᠪᠣᠯᠣᠨ᠎ᠠ᠃      ᠠᠷᠪᠠ ᠶᠢᠰᠦ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠠᠴᠠ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠶᠠᠮᠠᠷ ᠶᠠᠮᠠᠷ ᠲᠥᠷᠥ ᠶᠢᠨ ᠪᠣᠳᠣᠯᠭ᠎ᠠ ᠪᠠᠶᠢᠬᠤ ᠪᠣᠢ︖      ᠬᠠᠷᠢᠭᠤᠯᠲᠠ᠄ ᠮᠠᠯᠴᠢᠨ ᠲᠠᠷᠢᠶᠠᠴᠢᠨ ᠬᠦᠴᠦ ᠶᠠᠪᠤᠭᠴᠢᠳ ᠠᠴᠠ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠳᠤ ᠣᠷᠣᠨ ᠬᠡᠪᠴᠢᠶᠡᠨ ᠤ ᠬᠢᠵᠠᠭᠠᠷᠯᠠᠯ ᠢ ᠬᠦᠯᠢᠶᠡᠬᠦ ᠦᠭᠡᠢ᠂ ᠪᠣᠯᠪᠠᠰᠤᠷᠠᠭᠤᠯᠤᠯ ᠤᠨ ᠴᠠᠭ ᠢ ᠲᠤᠬᠠᠢ ᠶᠢᠨ ᠵᠢᠯ ᠤᠨ ᠪᠣᠯᠪᠠᠰᠤᠷᠠᠭᠤᠯᠤᠯ ᠳᠤ ᠣᠷᠣᠯᠴᠠᠭᠰᠠᠨ ᠨᠡᠶᠢᠲᠡ ᠴᠠᠭ ᠢᠶᠠᠷ ᠲᠣᠭᠠᠴᠠᠨ ᠪᠣᠳᠣᠵᠤ᠂ 56 ᠴᠠᠭ ᠠᠴᠠ ᠳᠤᠲᠠᠭᠤ ᠪᠠᠶᠢᠵᠤ ᠪᠣᠯᠬᠤ ᠦᠭᠡᠢ᠃ ᠲᠤᠬᠠᠢ ᠶᠢᠨ ᠵᠢᠯ ᠤᠨ ᠪᠣᠯᠪᠠᠰᠤᠷᠠᠭᠤᠯᠤᠯ ᠳᠤ ᠣᠷᠣᠯᠴᠠᠭᠰᠠᠨ ᠨᠡᠶᠢᠲᠡ ᠴᠠᠭ ᠨᠢ ᠪᠣᠯᠪᠠᠰᠤᠷᠠᠭᠤᠯᠤᠯ ᠤᠨ ᠱᠠᠭᠠᠷᠳᠠᠯᠭ᠎ᠠ ᠳᠤ ᠬᠥᠷᠥᠭᠰᠡᠨ ᠪᠣᠯ᠂ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ ᠨᠥᠬᠦᠪᠦᠷᠢ ᠬᠦᠷᠲᠡᠵᠦ ᠪᠣᠯᠣᠨ᠎ᠠ᠃ ᠠᠩᠬ᠎ᠠ ᠤᠳᠠᠭ᠎ᠠ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠬᠢᠨᠠᠨ ᠲᠣᠭᠲᠠᠭᠠᠯᠲᠠ ᠳᠤ ᠣᠷᠣᠯᠴᠠᠭᠠᠳ ᠬᠢᠷᠢ ᠲᠡᠩᠴᠡᠭᠰᠡᠨ ᠪᠣᠯ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠨᠥᠬᠦᠪᠦᠷᠢ ᠶᠢ ᠬᠦᠷᠲᠡᠵᠦ ᠪᠣᠯᠣᠨ᠎ᠠ᠃ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠠᠵᠢᠯᠯᠠᠭ᠎ᠠ ᠳᠤ ᠣᠷᠣᠯᠴᠠᠭᠰᠠᠨ ᠪᠣᠯᠪᠠᠰᠤᠷᠠᠭᠤᠯᠤᠯ ᠨᠢ ᠲᠣᠭᠲᠠᠭᠠᠯ ᠤᠨ ᠨᠥᠬᠦᠴᠡᠯ ᠳᠤ ᠨᠡᠶᠢᠴᠡᠭᠰᠡᠨ ᠪᠣᠯ᠂ ᠪᠦᠬᠦ ᠲᠣᠭᠠᠨ ᠤ ᠨᠥᠬᠦᠪᠦᠷᠢ ᠣᠯᠭᠤᠨ᠎ᠠ᠃ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠳᠤ ᠪᠣᠯᠪᠠᠰᠤᠷᠠᠭᠤᠯᠤᠯ ᠤᠨ ᠬᠤᠭᠤᠴᠠᠭᠠᠨ ᠳᠤ ᠵᠣᠬᠢᠬᠤ ᠠᠮᠢᠳᠤᠷᠠᠯ ᠤᠨ ᠰᠦᠢᠳᠬᠡᠯ ᠤᠨ ᠨᠥᠬᠦᠪᠦᠷᠢ ᠣᠯᠭᠤᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠴᠢᠳ ᠠᠴᠠ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠠᠨ ᠳᠡᠭᠡᠭᠰᠢᠯᠡᠭᠦᠯᠬᠦ ᠪᠣᠯᠪᠠᠰᠤᠷᠠᠭᠤᠯᠤᠯ ᠳᠤ ᠣᠷᠣᠯᠴᠠᠬᠤ ᠳᠤ᠂ ᠬᠥᠮᠥᠨ ᠨᠢᠭᠡᠪᠦᠷᠢ ᠵᠢᠯ ᠤᠨ 3 ᠤᠳᠠᠭ᠎ᠠ ᠠᠴᠠ ᠬᠡᠲᠦᠷᠡᠬᠦ ᠦᠭᠡᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠨᠥᠬᠦᠪᠦᠷᠢ ᠬᠦᠷᠲᠡᠵᠦ ᠪᠣᠯᠣᠨ᠎ᠠ᠂ ᠭᠡᠪᠡᠴᠦ ᠠᠳᠠᠯᠢ ᠨᠢᠭᠡᠨ ᠲᠤᠬᠠᠶᠢᠯᠠᠭᠰᠠᠨ ᠠᠵᠢᠯ ᠤᠨ ᠠᠳᠠᠯᠢ ᠨᠢᠭᠡᠨ ᠳᠡᠰ ᠲᠤ ᠳᠠᠪᠬᠤᠷᠳᠠᠭᠤᠯᠤᠨ ᠬᠦᠷᠲᠡᠵᠦ ᠪᠣᠯᠬᠤ ᠦᠭᠡᠢ᠃      ᠬᠤᠷᠢ᠂ ᠪᠣᠯᠪᠠᠰᠤᠷᠠᠭᠤᠯᠤᠯ ᠤᠨ ᠨᠥᠬᠦᠪᠦᠷᠢ ᠶᠢ ᠬᠡᠷᠬᠢᠨ ᠲᠣᠭᠲᠠᠭᠠᠬᠤ ᠪᠣᠢ︖      ᠬᠠᠷᠢᠭᠤᠯᠲᠠ᠄ ᠪᠣᠯᠪᠠᠰᠤᠷᠠᠭᠤᠯᠤᠯ ᠤᠨ ᠨᠥᠬᠦᠪᠦᠷᠢ ᠶᠢ ᠪᠣᠯᠪᠠᠰᠤᠷᠠᠭᠤᠯᠤᠯ ᠤᠨ ᠥᠪᠡᠷ ᠤᠨ ᠥᠷᠲᠡᠭ᠂ ᠪᠣᠳᠠᠲᠠᠢ ᠪᠠᠷ ᠣᠷᠣᠭᠰᠠᠨ ᠬᠢᠴᠢᠶᠡᠯ ᠤᠨ ᠴᠠᠭ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠣᠯᠣᠭᠰᠠᠨ ᠬᠠᠮᠢᠶ᠎ᠠ ᠪᠦᠬᠦᠢ ᠭᠡᠷᠡᠴᠢ ᠦᠨᠡᠮᠯᠡᠯ ᠵᠡᠷᠭᠡ ᠪᠠᠶᠢᠳᠠᠯ ᠢ ᠦᠨᠳᠦᠰᠦᠯᠡᠨ ᠲᠣᠭᠲᠠᠭᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ