ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠨᠠᠢᠮᠠ︶
ᠨᠡᠶᠢᠲᠡᠯᠡᠭᠰᠡᠨ ᠴᠠᠭ᠄
2020/1/6
     ᠬᠤᠷᠢᠨ ᠨᠢᠭᠡ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠠᠴᠠ ᠠᠳᠠᠯ ᠦᠢᠯᠡᠰ ᠪᠣᠰᠬᠠᠬᠤ ᠳᠤ ᠲᠡᠳᠬᠦᠨ ᠳᠡᠮᠵᠢᠬᠦ ᠶᠠᠮᠠᠷ ᠶᠠᠮᠠᠷ ᠲᠥᠷᠥ ᠶᠢᠨ ᠪᠣᠳᠣᠯᠭ᠎ᠠ ᠶᠢ ᠬᠦᠷᠲᠡᠬᠦ ᠪᠣᠢ︖      ᠬᠠᠷᠢᠭᠤᠯᠲᠠ᠄ ᠮᠠᠯᠴᠢᠨ ᠲᠠᠷᠢᠶᠠᠴᠢᠨ ᠬᠦᠴᠦ ᠶᠠᠪᠤᠭᠴᠢᠳ ᠠᠴᠠ ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠪᠤᠶᠤ ᠨᠤᠲᠤᠭ ᠲᠤ ᠪᠠᠨ ᠪᠤᠴᠠᠵᠤ ᠠᠳᠠᠯ ᠦᠢᠯᠡᠰ ᠪᠣᠰᠬᠠᠬᠤ ᠳᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠳᠤ ᠪᠡᠯᠡ ᠣᠷᠣᠭᠤᠯᠬᠤ ᠪᠠ ᠮᠠᠯᠵᠢᠬᠤ ᠲᠠᠷᠢᠶᠠᠯᠠᠬᠤ ᠣᠷᠣᠨ ᠳᠤ ᠡᠯ᠎ᠡ ᠲᠥᠷᠥᠯ ᠤᠨ ᠦᠢᠯᠡᠰ ᠢ ᠬᠥᠭᠵᠢᠭᠦᠯᠦᠨ ᠮᠠᠨᠳᠤᠭᠤᠯᠵᠤ ᠪᠣᠯᠣᠨ᠎ᠠ᠃ ᠵᠠᠰᠠᠭ ᠤᠨ ᠣᠷᠳᠣᠨ ᠠᠴᠠ ᠭᠤᠣᠯᠴᠢᠯᠠᠨ ᠤᠳᠤᠷᠢᠳᠴᠤ᠂ ᠡᠳ᠋ ᠤᠨ ᠵᠠᠰᠠᠭ ᠠᠴᠠ ᠳᠡᠮᠵᠢᠭᠰᠡᠨ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠢᠨᠵᠧᠨᠧᠷᠢᠩ ᠪᠠ ᠲᠥᠷᠥᠯ ᠵᠦᠢᠯ ᠢ ᠪᠦᠲᠦᠭᠡᠨ ᠪᠠᠶᠢᠭᠤᠯᠬᠤ᠂ ᠬᠠᠮᠢᠶᠠᠷᠤᠨ ᠬᠠᠮᠠᠭᠠᠯᠠᠬᠤ ᠪᠠ ᠠᠵᠢᠯᠯᠠᠭᠤᠯᠤᠨ ᠡᠵᠡᠩᠨᠡᠬᠦ ᠳᠤ ᠣᠷᠣᠯᠴᠠᠵᠤ ᠪᠣᠯᠣᠨ᠎ᠠ᠃ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠣᠨᠴᠠᠯᠢᠭᠲᠤ ᠲᠠᠷᠢᠮᠠᠯ ᠲᠡᠵᠢᠭᠡᠪᠦᠷᠢ ᠶᠢᠨ ᠦᠢᠯᠡᠰ᠂ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ᠂ ᠮᠠᠯᠵᠢᠬᠤ ᠲᠠᠷᠢᠶᠠᠯᠠᠬᠤ ᠣᠷᠣᠨ ᠤ ᠦᠢᠯᠡᠴᠢᠯᠡᠭᠡᠨ ᠤ ᠦᠢᠯᠡᠰ ᠵᠢᠴᠢ ᠲᠡᠦᠬᠡ᠂ ᠭᠠᠵᠠᠷ ᠣᠷᠣᠨ ᠪᠠ ᠦᠨᠳᠦᠰᠦᠲᠡᠨ ᠤ ᠣᠨᠴᠠᠯᠢᠭ ᠪᠦᠬᠦᠢ ᠰᠡᠯᠡᠭᠦᠴᠡᠯ ᠲᠠᠷᠢᠶᠠᠯᠠᠩ ᠤᠨ ᠲᠣᠰᠬᠤᠨ᠂ ᠮᠠᠯᠵᠢᠯ ᠤᠨ ᠲᠠᠯᠠᠪᠤᠷ᠂ ᠵᠢᠭᠠᠰᠤᠨ ᠤ ᠲᠣᠰᠬᠤᠨ ᠵᠡᠷᠭᠡ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠵᠦ ᠪᠣᠯᠣᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠴᠢᠳ ᠠᠴᠠ ᠨᠤᠲᠤᠭ ᠲᠤ ᠪᠠᠨ ᠪᠤᠴᠠᠵᠤ ᠠᠳᠠᠯ ᠦᠢᠯᠡᠰ ᠪᠣᠰᠬᠠᠬᠤ ᠳᠤ᠂ ᠲᠥᠷᠥ ᠶᠢᠨ ᠪᠣᠳᠣᠯᠭ᠎ᠠ ᠲᠣᠭᠲᠠᠭᠠᠯ ᠤᠨ ᠨᠥᠬᠦᠴᠡᠯ ᠳᠤ ᠨᠡᠶᠢᠴᠡᠭᠰᠡᠨ ᠪᠣᠯ᠂ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠥᠩᠭᠡᠯᠡᠬᠦ᠂ ᠥᠷᠲᠡᠭ ᠨᠡᠮᠡᠭᠳᠡᠯ ᠤᠨ ᠭᠠᠶᠢᠯᠢ᠂ ᠡᠵᠡᠩᠨᠡᠯᠲᠡ ᠶᠢᠨ ᠭᠠᠶᠢᠯᠢ᠂ ᠬᠥᠮᠥᠵᠢᠯ ᠪᠣᠯᠪᠠᠰᠤᠷᠠᠭᠤᠯᠤᠯ ᠤᠨ ᠰᠦᠢᠳᠬᠡᠯ ᠤᠨ ᠨᠡᠮᠡᠯᠲᠡ ᠰᠦᠢᠳᠬᠡᠯ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ᠂ ᠰᠣᠶᠣᠯ ᠤᠨ ᠦᠢᠯᠡᠰ ᠤᠨ ᠪᠠᠶᠢᠭᠤᠯᠤᠯᠲᠠ ᠶᠢᠨ ᠰᠦᠢᠳᠬᠡᠯ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠵᠡᠷᠭᠡ ᠭᠠᠶᠢᠯᠢ ᠰᠦᠢᠳᠬᠡᠯ ᠢ ᠬᠠᠰᠤᠨ ᠬᠡᠯᠲᠦᠷᠢᠭᠦᠯᠬᠦ ᠪᠠ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ ᠠᠳᠠᠯ ᠦᠢᠯᠡᠰ ᠪᠣᠰᠬᠠᠬᠤ ᠨᠡᠪᠴᠢᠭᠦᠯᠭᠡ ᠶᠢᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠷᠢᠰᠢᠭᠰᠠᠨ ᠨᠤᠲᠤᠭ ᠲᠤ ᠪᠠᠨ ᠪᠤᠴᠠᠵᠤ ᠠᠳᠠᠯ ᠦᠢᠯᠡᠰ ᠪᠣᠰᠬᠠᠬᠤ ᠮᠠᠯᠴᠢᠨ ᠲᠠᠷᠢᠶᠠᠴᠢᠨ ᠬᠦᠴᠦ ᠶᠠᠪᠤᠭᠴᠢᠳ ᠲᠤ᠂ ᠨᠡᠪᠴᠢᠭᠦᠯᠭᠡ ᠶᠢᠨ ᠬᠤᠭᠤᠴᠠᠭᠠᠨ ᠤ ᠲᠦᠷᠢᠶᠡᠰᠦᠨ ᠮᠥᠩᠭᠦ᠂ ᠠᠳᠠᠯ ᠠᠬᠤᠢ ᠶᠢᠨ ᠰᠦᠢᠳᠬᠡᠯ᠂ ᠤᠰᠤ ᠴᠠᠬᠢᠯᠭᠠᠨ ᠤ ᠰᠦᠢᠳᠬᠡᠯ᠂ ᠳᠤᠯᠠᠭᠠᠴᠠᠯᠭ᠎ᠠ ᠶᠢᠨ ᠰᠦᠢᠳᠬᠡᠯ ᠵᠡᠷᠭᠡ ᠬᠠᠮᠢᠶ᠎ᠠ ᠪᠦᠬᠦᠢ ᠰᠦᠢᠳᠬᠡᠯ ᠢ ᠨᠢ ᠬᠠᠰᠤᠨ ᠬᠡᠯᠲᠦᠷᠢᠭᠦᠯᠵᠦ ᠪᠣᠯᠣᠨ᠎ᠠ᠃ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠪᠠᠶᠢᠭᠤᠯᠤᠨ ᠡᠷᠬᠢᠯᠡᠭᠰᠡᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠨᠢ᠂ ᠲᠠᠷᠢᠶᠠᠯᠠᠩ ᠮᠠᠯ ᠠᠵᠤ ᠠᠬᠤᠢ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ ᠪᠣᠯ᠂ ᠲᠣᠭᠲᠠᠭᠠᠯ ᠶᠣᠰᠣᠭᠠᠷ ᠲᠣᠬᠢᠷᠠᠯᠴᠠᠭᠰᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠠᠳᠠᠯᠢ ᠪᠠᠷ ᠬᠦᠷᠲᠡᠵᠦ ᠪᠣᠯᠣᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠨᠤᠲᠤᠭ ᠲᠤ ᠪᠠᠨ ᠪᠤᠴᠠᠵᠤ ᠪᠠᠶᠢᠭᠤᠯᠤᠨ ᠡᠷᠬᠢᠯᠡᠭᠰᠡᠨ ᠠᠵᠤ ᠠᠬᠤᠶᠢᠯᠠᠯ ᠨᠢ᠂ ᠠᠵᠢᠯ ᠣᠯᠭᠤᠬᠤ ᠳᠤ ᠬᠦᠴᠢᠷᠳᠡᠯᠲᠡᠢ ᠬᠥᠮᠥᠰ᠂ ᠲᠡᠭᠦᠰᠬᠦ ᠣᠨ ᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ ᠢ ᠡᠯᠰᠡᠨ ᠬᠡᠷᠡᠭᠯᠡᠭᠰᠡᠨ ᠪᠣᠯ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠵᠤ ᠪᠣᠯᠣᠨ᠎ᠠ᠃ ᠨᠥᠬᠦᠴᠡᠯ ᠳᠤ ᠨᠡᠶᠢᠴᠡᠭᠰᠡᠨ ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠭᠰᠠᠨ ᠪᠤᠶᠤ ᠨᠤᠲᠤᠭ ᠲᠤ ᠪᠠᠨ ᠪᠤᠴᠠᠵᠤ ᠠᠳᠠᠯ ᠦᠢᠯᠡᠰ ᠪᠣᠰᠬᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠴᠢᠳ ᠲᠤ᠂ ᠠᠳᠠᠯ ᠦᠢᠯᠡᠰ ᠢᠶᠠᠨ ᠡᠬᠢᠯᠡᠭᠦᠯᠬᠦ ᠵᠢᠯᠣᠭᠤᠳᠤᠯᠭ᠎ᠠ᠂ ᠠᠳᠠᠯ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ᠂ ᠠᠵᠢᠯᠲᠠᠨ ᠤ ᠶᠠᠪᠤᠳᠠᠯ ᠬᠥᠳᠡᠯᠮᠦᠷᠢ ᠶᠢᠨ ᠳᠠᠩᠰᠠ ᠡᠪᠬᠡᠮᠡᠯ ᠢ ᠪᠠᠲᠤᠯᠠᠨ ᠬᠠᠮᠢᠶᠠᠷᠬᠤ ᠪᠠ ᠮᠥᠷᠳᠡᠨ ᠦᠢᠯᠡᠴᠢᠯᠡᠬᠦ ᠵᠡᠷᠭᠡ ︽ᠨᠢᠭᠡ ᠵᠤᠷᠪᠤᠰ︾ ᠤᠨ ᠦᠢᠯᠡᠴᠢᠯᠡᠭᠡ ᠬᠠᠩᠭᠠᠵᠤ ᠪᠣᠯᠣᠨ᠎ᠠ᠃      ᠬᠤᠷᠢᠨ ᠬᠤᠶᠠᠷ᠂ ᠠᠵᠢᠯᠲᠠᠨ ᠤ ᠳᠦᠷᠢᠮᠲᠦ ᠭᠡᠷ ᠠᠬᠤᠢ ᠶᠢᠨ ᠠᠵᠤ ᠠᠬᠤᠶᠢᠯᠠᠯ ᠭᠡᠵᠦ ᠶᠠᠭᠤ ᠪᠣᠢ︖      ᠬᠠᠷᠢᠭᠤᠯᠲᠠ᠄ ᠠᠵᠢᠯᠲᠠᠨ ᠤ ᠳᠦᠷᠢᠮᠲᠦ ᠭᠡᠷ ᠠᠬᠤᠢ ᠶᠢᠨ ᠠᠵᠤ ᠠᠬᠤᠶᠢᠯᠠᠯ ᠭᠡᠳᠡᠭ ᠪᠣᠯ ᠬᠡᠷᠡᠭᠯᠡᠭᠴᠢᠳ ︵ᠬᠠᠷᠢᠴᠠᠭᠠᠨ ᠤ ᠡᠷᠦᠬᠡ︶ ᠲᠠᠢ ᠰᠢᠭᠤᠳ ᠦᠢᠯᠡᠴᠢᠯᠡᠭᠡ ᠶᠢᠨ ᠭᠡᠷ᠎ᠡ ᠲᠣᠭᠲᠠᠵᠤ᠂ ᠭᠡᠷ ᠠᠬᠤᠢ ᠶᠢᠨ ᠦᠢᠯᠡᠴᠢᠯᠡᠭᠴᠢᠳ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠪᠤᠶᠤ ᠦᠢᠯᠡᠴᠢᠯᠡᠭᠡ ᠶᠢᠨ ᠬᠡᠯᠡᠯᠴᠡᠭᠡᠷ ᠲᠣᠭᠲᠠᠭᠰᠠᠨ ᠤ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ︵ᠨᠢᠭᠡᠨᠲᠡ ᠬᠤᠲᠠ ᠪᠠᠯᠭᠠᠰᠤ ᠶᠢᠨ ᠠᠵᠢᠯᠲᠠᠨ ᠤ ᠨᠡᠶᠢᠭᠡᠮ ᠤᠨ ᠳᠠᠭᠠᠳᠬᠠᠯ ᠪᠤᠶᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠠᠳ ᠪᠦᠷ ᠨᠡᠶᠢᠭᠡᠮ ᠤᠨ ᠳᠠᠭᠠᠳᠬᠠᠯ ᠲᠤᠰᠢᠶᠠᠭᠰᠠᠨ ᠢᠶᠠᠷ ᠮᠡᠳᠡᠷᠡᠭᠳᠡᠨ ᠭᠡᠷᠡᠴᠢᠯᠡᠭᠳᠡᠭᠰᠡᠨ︶ ᠲᠤᠰᠢᠶᠠᠵᠤ᠂ ᠦᠢᠯᠡᠴᠢᠯᠡᠭᠴᠢᠳ ᠢᠶᠠᠨ ᠨᠢᠭᠡᠳᠦᠯᠲᠡᠢ ᠲᠣᠬᠢᠷᠠᠭᠤᠯᠤᠨ ᠬᠡᠷᠡᠭᠯᠡᠭᠴᠢᠳ ︵ᠬᠠᠷᠢᠴᠠᠭᠠᠨ ᠤ ᠡᠷᠦᠬᠡ︶ ᠲᠤ ᠦᠢᠯᠡᠴᠢᠯᠡᠭᠡ ᠬᠠᠩᠭᠠᠵᠤ᠂ ᠦᠢᠯᠡᠴᠢᠯᠡᠭᠴᠢᠳ ᠲᠤ ᠲᠤᠬᠠᠢ ᠶᠢᠨ ᠭᠠᠵᠠᠷ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠢ ᠬᠥᠳᠡᠯᠮᠦᠷᠢ ᠶᠢᠨ ᠬᠥᠯᠥᠰᠦ ᠣᠯᠭᠤᠮᠵᠢ ᠶᠢ ᠰᠢᠭᠤᠳ ᠣᠯᠭᠤᠬᠤ ᠪᠤᠶᠤ ᠣᠷᠣᠯᠠᠨ ᠣᠯᠭᠤᠬᠤ ᠶᠢᠨ ᠬᠠᠮᠲᠤ᠂ ᠦᠢᠯᠡᠴᠢᠯᠡᠭᠴᠢᠳ ᠲᠤ ᠦᠷᠭᠦᠯᠵᠢᠯᠡᠭᠰᠡᠨ ᠪᠣᠯᠪᠠᠰᠤᠷᠠᠭᠤᠯᠤᠯ ᠬᠠᠮᠢᠶᠠᠷᠤᠯᠲᠠ ᠶᠠᠪᠤᠭᠤᠯᠬᠤ ᠠᠵᠤ ᠠᠬᠤᠶᠢᠯᠠᠯ ᠢ ᠵᠢᠭᠠᠵᠤ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ