ᠯᠢ ᠪᠢᠩ ᠷᠦᠩ ᠤᠯᠠᠭᠠᠨᠴᠠᠪ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/1/7
     ᠯᠢ ᠪᠢᠩ ᠷᠦᠩ ᠤᠯᠠᠭᠠᠨᠴᠠᠪ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠵᠢᠭᠠᠵᠤ ᠭᠠᠷᠭᠠᠭᠰᠠᠨ ᠎ ᠨᠢ ᠪᠣᠳᠠᠲᠠᠶ ᠠᠰᠠᠭᠤᠳᠠᠯ ᠢ ᠰᠤᠳᠤᠯᠤᠨ ᠰᠢᠶᠳᠪᠦᠷᠢᠯᠡᠵᠦ ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ      2020 ᠣᠨ ᠤ 1 ᠳ᠋ᠦ᠋ᠭᠡᠷ ᠰᠠᠷ᠎ᠠ ᠶᠢᠨ 3᠎ ᠤ ᠡᠳᠦᠷ ᠠᠴᠠ 4᠎ ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠ ᠲᠤᠰᠬᠠᠶ ᠮᠡᠷᠭᠡᠵᠢᠯᠲᠡᠨ ᠡᠷᠳᠡᠮᠲᠡᠨ ᠢ ᠳᠠᠭᠠᠭᠤᠯᠤᠨ᠂ ᠤᠯᠠᠭᠠᠨᠴᠠᠪ ᠬᠤᠲᠠ ᠳᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠪᠠᠶᠢᠴᠠᠭᠠᠨ ᠰᠤᠳᠤᠯᠪᠠ᠃      ᠯᠢ ᠪᠢᠩ ᠷᠦᠩ ᠨᠠᠷ ᠲᠥᠮᠥᠰᠥ ᠲᠠᠷᠢᠵᠤ ᠪᠣᠶᠢᠵᠢᠭᠤᠯᠬᠤ ᠰᠠᠭᠤᠷᠢᠨ ᠭᠠᠵᠠᠷ᠂ ᠠᠵᠤ ᠠᠬᠤᠶᠢᠯᠠᠯ ᠤᠨ ᠦᠶᠯᠡᠳᠪᠦᠷᠢ ᠶᠢᠨ ᠲᠠᠰᠤᠭ᠂ ᠬᠥᠮᠥᠷᠭᠡ᠂ ᠭᠤᠤᠯ ᠠᠮᠤᠴᠢᠯᠠᠭᠰᠠᠨ ᠪᠦᠲᠦᠭᠡᠭᠳᠡᠬᠦᠨ ᠪᠣᠯᠤᠨ ᠪᠦᠲᠦᠭᠡᠨ ᠪᠠᠶᠢᠭᠤᠯᠤᠯᠲᠠ ᠬᠢᠵᠦ ᠪᠠᠶᠢᠭ᠎ᠠ ᠲᠥᠮᠥᠰᠥ ᠶᠢᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃      ᠯᠢ ᠪᠢᠩ ᠷᠦᠩ ᠵᠢᠭᠠᠵᠤ ᠭᠠᠷᠭᠠᠭᠰᠠᠨ ᠨᠢ᠂ ᠨᠢᠳᠤᠨᠤᠨ ᠠᠴᠠ ᠨᠠᠭᠠᠰᠢ᠂ ᠲᠥᠮᠥᠰᠥ ᠶᠢᠨ ᠭᠤᠤᠯ ᠭᠠᠷᠤᠯᠲᠠ ᠎ ᠶᠢᠨ ᠣᠷᠣᠨ ᠢᠯᠠᠩᠭᠤᠶ᠎ᠠ ᠤᠯᠠᠭᠠᠨᠴᠠᠪ ᠬᠤᠲᠠ ᠶᠡᠷᠦᠩᠬᠡᠶ ᠰᠠᠶᠢᠳ ᠯᠢ ᠺᠧ ᠴᠢᠶᠠᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠳᠤ ᠬᠡᠯᠡᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠢ ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ ᠭᠡᠪᠡᠴᠦ ᠣᠳᠣᠬᠠᠨ ᠳᠤ ᠦᠷ᠎ᠡ ᠬᠠᠩᠭᠠᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠬᠦ᠂ ᠪᠦᠲᠦᠭᠡᠭᠳᠡᠬᠦᠨ ᠢ ᠪᠣᠷᠣᠯᠠᠭᠤᠯᠬᠤ ᠵᠡᠷᠭᠡ ᠲᠠᠯ᠎ᠠ ᠪᠠᠷ ᠮᠥᠨ ᠬᠦ ᠬᠦᠯᠢᠶᠡᠰᠦᠯᠡᠵᠦ ᠪᠠᠶᠢᠭ᠎ᠠ ᠠᠰᠠᠭᠤᠳᠠᠯ ᠣᠷᠣᠰᠢᠵᠤ ᠪᠠᠶᠢᠨ᠎ᠠ᠂ ᠠᠯᠤᠰ ᠬᠡᠲᠦ ᠶᠢ ᠪᠣᠳᠣᠯᠬᠢᠯᠠᠨ ᠠᠰᠠᠭᠤᠳᠠᠯ ᠢ ᠰᠤᠳᠤᠯᠤᠨ ᠰᠢᠶᠳᠪᠦᠷᠢᠯᠡᠵᠦ᠂ ᠲᠥᠮᠥᠰᠥ ᠶᠢᠨ ᠠᠵᠤ ᠦᠢᠯᠡᠰ ᠤᠨ ᠪᠠᠶᠢᠷᠢᠰᠢᠯ ᠬᠢᠭᠡᠳ ᠪᠦᠲᠦᠴᠡ ᠶᠢᠨ ᠲᠣᠬᠢᠷᠠᠭᠤᠯᠤᠯᠲᠠ᠂ ᠦᠷ᠎ᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠬᠦ᠂ ᠪᠦᠲᠦᠭᠡᠭᠳᠡᠬᠦᠨ ᠢ ᠡᠳ᠋ᠰᠢᠭᠦᠯᠦᠨ ᠪᠣᠷᠣᠯᠠᠭᠤᠯᠬᠤ ᠶᠢ ᠰᠢᠰᠲ᠋ᠧᠮ ᠲᠠᠢ ᠲᠦᠯᠬᠢᠨ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠰᠢᠨ᠎ᠡ ᠡᠭᠦᠳᠦᠯᠲᠡ᠂ ᠮᠥᠩᠭᠦᠨ ᠭᠦᠶᠯᠭᠡᠭᠡ᠂ ᠲᠣᠮᠣ ᠳ᠋ᠠᠶᠢᠲ᠋ᠠ ᠶᠢᠨ ᠲᠠᠪᠴᠠᠩ ᠵᠢᠴᠢ ᠠᠵᠤ ᠠᠬᠤᠶᠢᠯᠠᠯ ᠤᠨ ᠬᠤᠯᠪᠣᠭ᠎ᠠ᠂ ᠰᠢᠨ᠎ᠡ ᠶᠢ ᠡᠭᠦᠳᠬᠦ ᠲᠣᠭᠲᠠᠴᠠ ᠪᠠ ᠲᠥᠷᠦ ᠶᠢᠨ ᠪᠣᠳᠣᠯᠭ᠎ᠠ ᠶᠢᠨ ᠬᠠᠩᠭᠠᠯᠭ᠎ᠠ ᠶᠢ ᠰᠤᠳᠤᠯᠤᠨ ᠪᠠᠶᠢᠭᠤᠯᠬᠤ ᠪᠠᠷ ᠳᠠᠮᠵᠢᠨ᠂ ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠶᠡᠷᠦᠩᠬᠡᠶ ᠰᠠᠶᠢᠳ ᠯᠢ ᠺᠧ ᠴᠢᠶᠠᠩ ᠤᠨ ᠳᠤᠷᠠᠳᠤᠭᠰᠠᠨ ᠲᠦᠮᠦᠰᠦ ᠶᠢᠨ ᠠᠵᠤ ᠦᠶᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠲᠤᠬᠠᠶ ᠱᠠᠭᠠᠷᠳᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠢᠯᠠᠯᠲᠠ ᠣᠯᠬᠤ ᠪᠠ ᠪᠦᠬᠦ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号