ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | 241 ᠳ᠋ᠤᠭᠡᠷ ᠲᠤᠭᠠᠳᠤ | | | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠮᠦᠷ ᠵᠠᠮ ᠤᠨ ᠠᠮᠤᠷ ᠲᠦᠪᠰᠢᠨ ᠤ | ᠬᠠᠮᠢᠶᠠᠷᠤᠯᠳᠠ ᠶᠢᠨ ᠲᠤᠨᠨᠳᠠᠭᠠᠯ︾ ᠢ 2019 ᠤᠨ ᠤ 8 ᠳ᠋ᠤᠭᠠᠷ ᠰᠠᠷ᠎ᠠ ᠶᠢᠨ 5 ᠤ ᠡᠳᠦᠷ ᠦᠪᠡᠷᠳᠡᠬᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ | ᠬᠢᠨᠠᠨ ᠵᠦᠪᠯᠡᠵᠦ ᠪᠠᠳᠤᠯᠠᠭᠠᠳ᠂ ᠡᠳᠦᠬᠡ ᠨᠡᠶᠢᠳᠡᠯᠡᠪᠡ᠂ 2019 ᠤᠨ ᠤ 11 ᠳ᠋ᠤᠬᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠬᠦᠯᠦᠨ᠎ᠠ᠃ | | | ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ | 2019 ᠣᠨ ᠤ 9 ᠳ᠋ᠤᠭᠡᠷ ᠰᠠᠷ᠎ᠠ ᠶᠢᠨ 3 ᠤ ᠡᠳᠦᠷ | | | ᠨᠢᠬᠡᠳᠦᠬᠡᠷ ᠵᠦᠢᠯ ᠭᠦᠮᠦᠨ ᠤ ᠪᠡᠶ᠎ᠡ ᠪᠠ ᠡᠳ᠋ ᠭᠦᠷᠦᠩᠬᠡ ᠶᠢᠨ ᠠᠮᠤᠷ ᠲᠦᠪᠰᠢᠨ ᠢ ᠬᠠᠮᠠᠭᠠᠯᠠᠵᠦ᠂ ᠲᠡᠮᠦᠷ | ᠵᠠᠮ ᠤᠨ ᠲᠡᠬᠡᠬᠡᠪᠦᠷᠢ ᠶᠢᠨ ᠠᠮᠤᠷ ᠲᠦᠪᠰᠢᠨ ᠪᠠ ᠰᠠᠭᠠᠳ ᠦᠬᠡᠢ ᠨᠡᠪᠳᠡᠷᠡᠯ ᠢ ᠪᠠᠳᠤᠯᠠᠬᠤ ᠶᠢᠨ ᠲᠤᠰᠠᠳᠠ᠂ | ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠶᠤᠯ ᠦᠬᠡᠢ ᠦᠢᠯᠡᠳᠪᠦᠷᠢᠯᠡᠯ ᠤᠨ ᠬᠠᠤᠯᠢ︾ | ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠡᠮᠦᠷ ᠵᠠᠮ ᠤᠨ ᠬᠠᠤᠯᠢ︾ ︽ᠲᠡᠮᠦᠷ ᠵᠠᠮ ᠤᠨ ᠠᠮᠤᠷ | ᠲᠦᠪᠰᠢᠨ ᠤ ᠬᠠᠮᠢᠶᠠᠷᠤᠯᠳᠠ ᠶᠢᠨ ᠲᠦᠷᠢᠮ︾ ᠵᠡᠷᠬᠡ ᠤᠯᠤᠰ ᠤᠨ ᠬᠤᠯᠪᠤᠨᠨᠳᠠᠯ ᠪᠦᠭᠦᠢ ᠬᠠᠤᠯᠢ ᠴᠠᠭᠠᠵᠠ᠂ ᠬᠠᠤᠯᠢ | ᠲᠤᠨᠨᠳᠠᠭᠠᠯ ᠢ ᠦᠨᠳᠦᠰᠦᠯᠡᠨ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ᠂ ᠲᠤᠰ | ᠲᠤᠨᠨᠳᠠᠭᠠᠯ ᠢ ᠲᠤᠨᠨᠳᠠᠭᠠᠪᠠ᠃ | ᠬᠤᠶᠠᠳᠤᠭᠠᠷ ᠵᠦᠢᠯ ᠲᠤᠰ ᠲᠤᠨᠨᠳᠠᠭᠠᠯ ᠨᠢ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ | ᠲᠤᠳᠤᠷᠠᠬᠢ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯᠯᠠᠭ᠎ᠠ ᠳᠤ ᠲᠤᠬᠢᠷᠠᠨ᠎ᠠ᠃ ᠲᠡᠬᠡᠳᠦ | ᠪᠠᠶᠢᠷᠢ ᠶᠢᠨ ᠬᠠᠤᠯᠢ ᠳᠤ ᠨᠢᠬᠡᠨᠳᠡ ᠲᠤᠨᠨᠳᠠᠭᠠᠯ ᠭᠠᠷᠭᠠᠨᠨᠰᠠᠨ ᠪᠠᠶᠢᠪᠠᠯ᠂ ᠲᠡᠷᠡ ᠲᠤᠨᠨᠳᠠᠭᠠᠯ ᠢᠶᠠᠷ | ᠬᠡᠷᠡᠭᠵᠢᠬᠦᠯᠦᠨ᠎ᠠ᠃ | ᠭᠤᠷᠪᠠᠳᠤᠭᠠᠷ ᠵᠦᠢᠯ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠨᠢ ᠠᠮᠢ ᠨᠠᠰᠤ ᠡᠷᠬᠢᠮ ᠲᠡᠬᠡᠳᠦ | ᠪᠠᠶᠢᠬᠤ᠂ ᠠᠮᠤᠷ ᠲᠦᠪᠰᠢᠨ ᠢ ᠲᠡᠷᠢᠬᠦᠨ ᠳᠤ ᠲᠠᠯᠪᠢᠬᠤ᠂ ᠤᠷᠢᠳᠴᠢᠯᠠᠨ ᠰᠡᠷᠬᠡᠶᠢᠯᠡᠬᠦ ᠪᠠᠷ ᠭᠤᠤᠯ ᠪᠤᠯᠭᠠᠬᠤ᠂ | ᠵᠤᠬᠢᠴᠠᠭᠤᠯᠤᠨ ᠭᠦᠳᠡᠯᠦᠯᠴᠡᠬᠦ ᠪᠠ ᠶᠡᠷᠦᠩᠬᠡᠶᠢᠯᠡᠨ ᠵᠠᠰᠠᠬᠤ ᠵᠠᠷᠴᠢᠮ ᠢ ᠵᠢᠷᠤᠮᠯᠠᠬᠤ ᠬᠡᠷᠡᠭᠳᠡᠢ᠃ | ᠲᠦᠷᠪᠡᠳᠦᠬᠡᠷ ᠵᠦᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠨᠢ ᠲᠡᠮᠦᠷ | ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠳᠠᠬᠢ ᠨᠢᠬᠡᠳᠦᠯᠳᠡᠢ ᠤᠳᠤᠷᠢᠳᠤᠯᠭ᠎ᠠ ᠪᠠᠨ ᠴᠢᠩᠭᠠᠳᠬᠠᠵᠦ᠂ | ᠲᠡᠮᠦᠷ ᠵᠠᠮ ᠤᠨ ᠠᠮᠤᠷ ᠲᠦᠪᠰᠢᠨ ᠳᠤ ᠬᠤᠯᠪᠤᠨᠨᠳᠠᠬᠤ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ | ᠰᠶᠢᠳᠪᠦᠷᠢᠯᠡᠵᠦ᠂ ᠵᠠᠮ ᠬᠠᠮᠠᠭᠠᠯᠠᠵᠦ ᠬᠤᠯᠪᠤᠭᠠᠯᠠᠨ ᠰᠡᠷᠬᠡᠶᠢᠯᠡᠬᠦ ᠠᠵᠢᠯ ᠤᠨ ᠵᠠᠷᠤᠳᠠᠯ ᠢ ᠬᠠᠤᠯᠢ ᠶᠤᠰᠤᠭᠠᠷ | ᠪᠠᠳᠤᠯᠠᠬᠤ ᠬᠡᠷᠡᠭᠳᠡᠢ᠃ ᠲᠡᠮᠦᠷ ᠵᠠᠮ ᠳᠠᠭᠠᠤ ᠶᠢᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠢᠶᠠᠨ ᠶᠣᠰᠣᠭᠠᠷ᠂ ᠲᠡᠮᠦᠷ ᠵᠠᠮ ᠤᠨ ᠠᠮᠤᠷ ᠲᠦᠪᠰᠢᠨ ᠢ ᠪᠠᠲᠤᠯᠠᠬᠤ ᠰᠤᠷᠭᠠᠨ ᠬᠥᠮᠦᠵᠢᠯ ᠢ | ᠴᠢᠩᠭᠠᠳᠬᠠᠨ᠂ ᠵᠠᠮ ᠬᠠᠮᠠᠭᠠᠯᠠᠵᠦ ᠬᠤᠯᠪᠤᠭᠠᠯᠠᠨ ᠰᠡᠷᠬᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠦ᠂ | ᠪᠠᠴᠢᠮ ᠪᠠᠶᠢᠳᠠᠯ ᠢ ᠠᠷᠭᠠᠴᠠᠭᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠲᠡᠮᠦᠷ ᠵᠠᠮ ᠤᠨ ᠠᠮᠤᠷ | ᠲᠦᠪᠰᠢᠨ ᠳᠤ ᠬᠤᠤᠷ ᠭᠦᠨᠦᠬᠡᠯ ᠤᠴᠠᠷᠠᠭᠤᠯᠬᠤ ᠦᠢᠯᠡ ᠠᠵᠢᠯᠯᠠᠭ᠎ᠠ ᠶᠢ ᠰᠡᠷᠭᠡᠶᠢᠯᠡᠨ ᠬᠤᠷᠢᠭᠯᠠᠵᠤ᠂ ᠲᠡᠮᠦᠷ | ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠬᠠᠮᠳᠤ ᠪᠠᠷ ᠲᠡᠮᠦᠷ ᠵᠠᠮ ᠤᠨ ᠵᠠᠮ ᠬᠠᠷᠢᠯᠴᠠᠭᠠᠨ ᠤ ᠠᠳᠡᠯ᠂ | ᠭᠠᠯᠳᠤ ᠲᠡᠷᠬᠡᠨ ᠤ ᠦᠷᠳᠡᠬᠡᠨ ᠳᠤ ᠪᠠ ᠭᠠᠯᠳᠤ ᠲᠡᠷᠬᠡᠨ ᠳᠤ ᠭᠠᠷᠴᠤ ᠮᠡᠳᠡᠬᠦ ᠭᠡᠨᠡᠳᠲᠡ ᠶᠢᠨ ᠪᠠᠴᠢᠮ ᠪᠠᠶᠢᠳᠠᠯ ᠢ | ᠠᠷᠭᠠᠴᠠᠭᠠᠨ ᠰᠶᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠲᠡᠮᠦᠷ ᠵᠠᠮ ᠳᠠᠭᠠᠤ ᠶᠢᠨ ᠰᠤᠮᠤ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠪᠠ ᠵᠠᠮ ᠬᠠᠮᠠᠭᠠᠯᠠᠵᠦ ᠬᠤᠯᠪᠤᠭᠠᠯᠠᠨ ᠰᠡᠷᠬᠡᠶᠢᠯᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠦ᠂ ᠬᠤᠯᠪᠣᠭᠳᠠᠯ ᠪᠦᠬᠦᠢ ᠨᠢᠬᠡᠴᠢ ᠲᠠᠢ ᠬᠠᠮᠵᠢᠯᠴᠠᠨ ᠲᠤᠰ ᠵᠠᠰᠠᠭ ᠵᠠᠬᠢᠷᠭᠠᠨ ᠤ ᠣᠷᠣᠨ ᠳᠠᠬᠢ | ᠲᠡᠮᠦᠷ ᠵᠠᠮ ᠤᠨ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠶ᠃ | ᠲᠠᠪᠤᠳᠤᠭᠠᠷ ᠵᠦᠢᠯ ᠲᠡᠬᠡᠳᠦ ᠬᠤᠷᠳᠤ ᠶᠢᠨ ᠲᠡᠮᠦᠷ ᠵᠠᠮ ᠳᠠᠭᠠᠤ ᠶᠢᠨ ᠬᠤᠲᠠ ᠶᠢᠨ ᠲᠣᠭᠤᠷᠢᠭ ᠠᠴᠠ | ᠲᠤᠳᠤᠨᠨᠰᠢ 1000 ᠮᠧᠲᠷ ᠪᠦᠷᠢ᠂ ᠬᠤᠲᠠ ᠶᠢᠨ ᠲᠣᠭᠤᠷᠢᠭ ᠠᠴᠠ ᠭᠠᠳ᠋ᠬᠠᠰᠢ 5000 ᠮᠧᠲᠷ ᠪᠦᠷᠢ ᠳᠤ᠂ | ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ ᠲᠡᠮᠦᠷ ᠵᠠᠮ ᠳᠠᠭᠠᠤ ᠶᠢᠨ ᠰᠤᠮᠤ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠪᠦᠷᠢ ᠨᠢᠭᠡ | ᠬᠠᠷᠢᠭᠤᠴᠠᠯᠭᠠᠲᠠᠨ ᠲᠤᠨᠨᠳᠠᠭᠠᠵᠦ ᠲᠡᠮᠦᠷ ᠵᠠᠮ ᠤᠨ ᠬᠡᠰᠡᠭ ᠤᠨ ᠳᠠᠷᠤᠭ᠎ᠠ ᠪᠣᠯᠭᠠᠵᠤ᠂ ᠲᠡᠮᠦᠷ ᠵᠠᠮ ᠤᠨ ᠠᠮᠤᠷ | ᠲᠦᠪᠰᠢᠨ ᠤ ᠳᠠᠯᠳᠠ ᠭᠡᠮ ᠢ ᠬᠤᠶᠠᠷ ᠬᠡᠰᠡᠭ ᠤᠨ ᠲᠠᠷᠤᠭ᠎ᠠ ᠲᠣᠭᠤᠷᠢᠨ ᠪᠠᠶᠢᠴᠠᠭᠠᠬᠤ᠂ ᠬᠠᠮᠳᠤᠷᠠᠨ ᠵᠥᠪᠳᠡᠯᠴᠡᠬᠦ | ᠪᠠ ᠰᠶᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ᠃ | ᠵᠢᠷᠭᠤᠳᠤᠭᠠᠷ ᠵᠦᠢᠯ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ ᠲᠡᠮᠦᠷ ᠵᠠᠮ ᠤᠨ ᠠᠮᠤᠷ | ᠲᠦᠪᠰᠢᠨ ᠳᠤ ᠲᠦᠭᠰᠢᠭᠦᠷᠢ ᠤᠴᠠᠷᠠᠭᠤᠯᠬᠤ ᠳᠠᠯᠳᠠ ᠭᠡᠮ ᠢ ᠣᠯᠵᠤ ᠮᠡᠳᠡᠪᠡᠯ᠂ ᠬᠠᠮᠢᠶ᠎ᠠ ᠪᠦᠬᠦᠢ ᠨᠢᠭᠡᠴᠢ ᠪᠤᠶᠤ | ᠬᠤᠪᠢ ᠬᠥᠮᠦᠨ ᠳᠤ ᠲᠠᠷᠦ᠋ᠢᠬᠠᠨ ᠮᠡᠳᠡᠭᠳᠡᠬᠦ ᠬᠡᠷᠡᠭᠲᠡᠶ᠃ ᠬᠠᠮᠢᠶ᠎ᠠ ᠪᠦᠬᠦᠢ ᠨᠢᠭᠡᠴᠢ ᠪᠤᠶᠤ ᠬᠤᠪᠢ ᠬᠥᠮᠦᠨ ᠨᠢ | ᠳᠠᠷᠤᠶ ᠲᠦᠷᠬᠡᠨ ᠰᠶᠢᠳᠪᠦᠷᠢᠯᠡᠬᠦ ᠬᠡᠷᠡᠭᠲᠡᠶ᠃ | ᠳᠣᠯᠣᠳᠤᠭᠠᠷ ᠵᠦᠢᠯ ᠶᠠᠮᠠᠷᠪᠠ ᠨᠢᠭᠡᠴᠢ ᠪᠤᠶᠤ ᠬᠤᠪᠢ ᠬᠥᠮᠦᠨ ᠲᠡᠮᠦᠷ ᠵᠠᠮ ᠤᠨ ᠠᠮᠤᠷ ᠲᠦᠪᠰᠢᠨ ᠢ | ᠨᠥᠯᠥᠭᠡᠯᠡᠬᠦ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠤᠷᠢᠭᠯᠠᠨ ᠵᠣᠭᠰᠣᠭᠠᠬᠤ ᠡᠷᠬᠡ ᠲᠠᠢ ᠪᠦᠬᠡᠳ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠪᠤᠶᠤ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠬᠦᠯᠵᠦ᠂ ᠢᠯᠡᠴᠢᠯᠡᠬᠦ ᠮᠡᠳᠡᠭᠦᠯᠦᠯᠲᠡ ᠶᠢ ᠭᠦᠯᠢᠶᠡᠨ | ᠠᠪᠤᠨᠨᠰᠠᠨ ᠰᠠᠯᠠᠭ᠎ᠠ ᠮᠥᠴᠢᠷ ᠨᠢ ᠬᠠᠤᠯᠢ ᠶᠣᠰᠣᠭᠠᠷ ᠲᠠᠷᠦ᠋ᠢᠬᠠᠨ ᠰᠶᠢᠳᠪᠦᠷᠢᠯᠡᠬᠦ ᠬᠡᠷᠡᠭᠲᠡᠶ᠃ | ᠲᠡᠮᠦᠷ ᠵᠠᠮ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠬᠡᠶᠢᠯᠡᠨ ᠬᠤᠷᠢᠨᠨᠯᠠᠬᠤ ᠳᠤ ᠲᠤᠪᠤᠶᠢᠮ᠎ᠠ ᠬᠤᠪᠢ | ᠨᠡᠮᠡᠷᠢ ᠦᠵᠡᠭᠦᠯᠦᠭᠰᠡᠨ ᠨᠢᠬᠡᠴᠢ ᠪᠤᠶᠤ ᠬᠤᠪᠢ ᠬᠥᠮᠦᠨ ᠢ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ | ᠣᠷᠳᠣᠨ ᠠᠴᠠ ᠬᠥᠬᠢᠭᠦᠯᠦᠨ ᠱᠠᠩᠨᠠᠬᠤ ᠬᠡᠷᠡᠭᠲᠡᠶ᠃ | ᠨᠠᠢᠮᠠᠳᠤᠭᠠᠷ ᠵᠦᠢᠯ ᠶᠠᠮᠠᠷᠪᠠ ᠨᠢᠭᠡᠴᠢ ᠪᠤᠯᠤᠨ ᠬᠤᠪᠢ ᠬᠥᠮᠦᠨ ᠲᠡᠮᠦᠷ ᠵᠠᠮ ᠳᠤ ᠬᠡᠷᠡᠭᠯᠡᠬᠦ ᠭᠠᠵᠠᠷ ᠢ ᠬᠠᠤᠯᠢ | ᠪᠤᠰᠤ ᠪᠠᠷ ᠡᠵᠡᠯᠡᠨ ᠬᠡᠷᠡᠭᠯᠡᠬᠦ ᠶᠢ ᠴᠠᠭᠠᠵᠠᠯᠠᠬᠤ ᠬᠡᠷᠡᠭᠳᠡᠢ᠃ | ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠭᠠᠵᠠᠷ ᠲᠠᠲᠠᠪᠤᠷᠢᠯᠠᠬᠤ ᠶᠢ ᠬᠢᠨᠠᠨ | ᠵᠥᠪᠰᠢᠶᠡᠷᠡᠬᠦ ᠭᠠᠷ ᠭᠦᠢᠴᠡᠳᠬᠡᠯ ᠢᠶᠠᠨ ᠬᠠᠤᠯᠢ ᠶᠣᠰᠣᠭᠠᠷ ᠭᠦᠢᠴᠡᠳᠬᠡᠭᠰᠡᠨ ᠤ ᠳᠠᠷᠠᠭ᠎ᠠ ᠵᠢᠴᠢ ᠲᠡᠮᠦᠷ ᠵᠠᠮ | ᠪᠠᠶᠢᠭᠤᠯᠬᠤ ᠬᠤᠭᠤᠴᠠᠭᠠᠨ ᠳᠤ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠵᠥᠪᠰᠢᠶᠡᠷᠡᠯ ᠦᠭᠡᠢ ᠪᠠᠷ | ᠶᠠᠮᠠᠷᠪᠠ ᠨᠢᠬᠡᠴᠢ ᠪᠤᠶᠤ ᠬᠤᠪᠢ ᠬᠥᠮᠦᠨ ᠲᠡᠮᠦᠷ ᠵᠠᠮ ᠳᠤ ᠬᠡᠷᠡᠭᠯᠡᠬᠦ ᠭᠠᠵᠠᠷ ᠤᠨ ᠭᠦᠷᠢᠶ᠎ᠡ ᠬᠡᠪᠴᠢᠶᠡᠨ ᠳᠤ | ᠲᠠᠷᠢᠶᠠᠯᠠᠩ ᠣᠢ ᠰᠢᠭᠤᠶ ᠶᠢᠨ ᠲᠠᠷᠢᠮᠠᠯ ᠲᠠᠷᠢᠬᠤ᠂ ᠬᠡᠷ ᠪᠠᠷᠢᠯᠭ᠎ᠠ ᠪᠤᠶᠤ ᠪᠠᠷᠢᠯᠭ᠎ᠠ ᠶᠢᠨ ᠪᠤᠰᠤᠳ ᠵᠦᠢᠯᠡᠰ ᠪᠠᠷᠢᠬᠤ᠂ | ᠡᠯᠡᠰᠦ ᠰᠢᠷᠣᠶ ᠮᠠᠯᠳᠠᠬᠤ ᠪᠠ ᠴᠢᠯᠠᠭᠤ ᠭᠠᠷᠭᠠᠬᠤ ᠵᠡᠷᠭᠡ ᠠᠵᠢᠯ ᠤᠳ ᠢ ᠬᠢᠵᠦ ᠪᠣᠯᠬᠤ ᠦᠭᠡᠢ᠃ | ᠶᠢᠰᠦᠳᠦᠭᠡᠷ ᠵᠦᠢᠯ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠲᠡᠮᠦᠷ ᠵᠠᠮ ᠤᠨ ᠱᠤᠭᠤᠮ ᠤᠨ ᠠᠮᠤᠷ | ᠲᠦᠪᠰᠢᠨ ᠤ ᠬᠠᠮᠠᠭᠠᠯᠠᠯᠲᠠ ᠶᠢᠨ ᠣᠷᠣᠨ ᠨᠢ ᠭᠠᠵᠠᠷ ᠰᠢᠷᠣᠶ ᠪᠤᠯᠤᠨ ᠬᠡᠷ ᠪᠠᠷᠢᠯᠭ᠎ᠠ ᠪᠠ ᠪᠠᠷᠢᠯᠭ᠎ᠠ ᠶᠢᠨ ᠪᠤᠰᠤᠳ | ᠵᠦᠢᠯᠡᠰ ᠤᠨ ᠡᠷᠬᠡ ᠬᠠᠷᠢᠶᠠᠯᠠᠯ ᠤᠨ ᠬᠤᠪᠢᠷᠠᠭᠤᠯᠤᠯᠳᠠ ᠳᠤ ᠬᠤᠯᠪᠣᠭᠳᠠᠬᠤ ᠦᠭᠡᠢ᠃ | ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠨᠢᠬᠡᠴᠢ ᠨᠢ ᠪᠠᠷᠢᠯᠭ᠎ᠠ ᠳᠠᠭᠤᠰᠤᠭᠰᠠᠨ ᠮᠠᠲ᠋ᠧᠷᠢᠶᠠᠯ ᠢ | ᠦᠨᠳᠦᠰᠦᠯᠡᠨ ᠬᠢᠯᠢ ᠵᠠᠭᠠᠭ ᠢ ᠬᠠᠶᠢᠵᠤ᠂ ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ | ᠣᠷᠣᠨ ᠤ ᠬᠠᠪᠳᠠᠭᠠᠢ ᠵᠢᠷᠤᠭ ᠢ ᠵᠢᠷᠤᠨᠨᠯᠠᠬᠤ ᠶᠢᠨ ᠬᠠᠮᠲᠤ᠂ ᠬᠠᠪᠳᠠᠭᠠᠢ ᠵᠢᠷᠤᠭ ᠢ ᠦᠨᠳᠦᠰᠦᠯᠡᠨ ᠪᠠᠷᠢᠯᠭ᠎ᠠ ᠶᠢᠨ | ᠪᠦᠷᠢᠨ ᠪᠠᠶᠢᠬᠤ ᠡᠰᠡᠬᠦ ᠶᠢ ᠰᠢᠯᠭᠠᠨ ᠠᠪᠬᠤ ᠠᠴᠠ ᠡᠮᠦᠨ᠎ᠡ ᠲᠡᠮᠳᠡᠭᠳᠦ ᠪᠠᠭᠠᠨ᠎ᠠ ᠪᠣᠰᠬᠠᠬᠤ ᠬᠡᠷᠡᠭᠲᠡᠢ᠃ | ᠠᠷᠪᠠᠳᠤᠭᠠᠷ ᠵᠦᠢᠯ ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ | ᠲᠤᠤᠷᠠᠬᠢ ᠮᠡᠳᠦ ᠶᠢᠨ ᠦᠢᠯᠡ ᠠᠵᠢᠯᠯᠠᠭ᠎ᠠ ᠬᠢᠬᠦ ᠶᠢ ᠴᠠᠭᠠᠵᠠᠯᠠᠨ᠎ᠠ᠄ | ︵ᠨᠢᠭᠡ︶ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠵᠦᠪᠰᠢᠶᠡᠷᠡᠯ ᠦᠭᠡᠢ ᠪᠠᠷ ᠡᠯ᠎ᠡ | ᠲᠥᠷᠥᠯ ᠤᠨ ᠬᠤᠭᠤᠯᠠᠶ ᠱᠤᠭᠤᠮ᠂ ᠲᠠᠳᠠᠯᠭ᠎ᠠ᠂ ᠭᠦᠦᠷᠯᠢᠭ ᠰᠤᠪᠠᠭ ᠵᠡᠷᠭᠡ ᠪᠡᠯᠡᠳᠬᠡᠮᠵᠢ ᠲᠡᠪᠢᠰᠴᠤ ᠲᠠᠲᠠᠬᠤ᠂ | ᠲᠡᠮᠦᠷ ᠵᠠᠮ ᠤᠨ ᠨᠦᠬᠡᠨ ᠵᠠᠮ ᠳᠤ ᠣᠷᠣᠬᠤ ᠪᠤᠶᠤ ᠲᠡᠭᠦᠨ ᠢᠶᠠᠷ ᠨᠡᠪᠳᠡᠷᠡᠨ ᠥᠩᠭᠡᠷᠡᠬᠦ᠂ ᠡᠯᠡᠰᠦ ᠮᠠᠯᠲᠠᠬᠤ᠂ ᠰᠢᠷᠣᠶ | ᠠᠪᠬᠤ᠂ ᠰᠤᠪᠠᠭ ᠤᠬᠤᠬᠤ᠂ ᠮᠠᠯᠳᠠᠵᠦ ᠨᠦᠬᠡᠯᠡᠬᠦ ᠵᠡᠷᠭᠡ ᠠᠵᠢᠯ ᠤᠳ ᠢ ᠬᠢᠬᠦ︔ | ︵ᠬᠤᠶᠠᠷ︶ ᠲᠡᠮᠦᠷ ᠵᠠᠮ ᠤᠨ ᠬᠥᠭᠦᠷᠭᠡᠨ ᠳᠣᠣᠷ᠎ᠠ ᠬᠡᠷ ᠪᠠᠷᠢᠯᠭ᠎ᠠ ᠪᠠᠷᠢᠬᠤ᠂ ᠲᠡᠷᠭᠡᠨ ᠤ ᠵᠣᠭᠰᠣᠭᠠᠯ | ᠪᠠᠶᠢᠭᠤᠯᠬᠤ᠂ ᠬᠤᠳᠠᠯᠳᠤᠭᠠᠨ ᠤ ᠲᠡᠯᠬᠡᠭᠦᠷ ᠨᠡᠬᠡᠬᠡᠨ ᠡᠷᠬᠢᠯᠡᠬᠦ︔ | ︵ᠭᠤᠷᠪᠠ︶ ᠮᠠᠯ ᠤᠨᠤᠭ᠎ᠠ ᠬᠠᠰᠢᠶᠠᠯᠠᠨ ᠲᠡᠵᠢᠭᠡᠬᠦ ᠪᠤᠶᠤ ᠪᠡᠯᠴᠢᠬᠡᠷᠯᠡᠬᠦᠯᠦᠨ ᠲᠡᠵᠢᠭᠡᠬᠦ︔ | ︵ᠲᠦᠷᠪᠡ︶ ᠲᠡᠮᠦᠷ ᠵᠠᠮ ᠤᠨ ᠱᠤᠭᠤᠮ ᠳᠤ ᠬᠠᠶᠢᠷ ᠴᠢᠯᠠᠭᠤ᠂ ᠲᠡᠮᠦᠷ ᠬᠠᠳᠠᠭᠠᠰᠤ᠂ ᠡᠷᠭᠢ ᠱᠤᠷᠠᠭ ᠵᠡᠷᠭᠡ | ᠡᠳᠡᠬᠡᠳ ᠤᠨ ᠶᠠᠭᠤᠮ᠎ᠠ ᠲᠠᠯᠪᠢᠬᠤ︔ | ︵ᠲᠠᠪᠤ︶ ᠬᠤᠸᠠᠷ ᠫᠤᠤᠵᠢᠩ᠂ ᠨᠡᠭᠦᠷᠡᠰᠦᠨ ᠬᠡᠢ ᠪᠠ ᠰᠢᠲᠠᠮᠠᠬᠠᠶ ᠬᠡᠢ᠂ ᠬᠠᠭᠤᠴᠢᠨ ᠬᠠᠶ᠋ᠬᠠᠳᠠᠯ ᠲᠡᠷᠬᠡᠨ | ᠭᠦᠷᠳᠦ ᠵᠡᠷᠭᠡ ᠨᠣᠴᠣᠮᠠᠲᠠᠭᠠᠶ᠂ ᠳᠡᠯᠪᠡᠷᠡᠮᠡᠲᠡᠭᠡᠶ᠂ ᠠᠶᠤᠯ ᠲᠠᠢ᠂ ᠰᠠᠴᠤᠷᠠᠮᠠᠬᠠᠢ ᠴᠢᠨᠠᠷ ᠲᠠᠢ ᠡᠳ᠋ ᠪᠣᠳᠠᠰ ᠢ | ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ︔ | ︵ᠵᠢᠷᠭᠤᠭ᠎ᠠ︶ ᠲᠡᠮᠦᠷ ᠵᠠᠮ ᠤᠨ ᠱᠤᠭᠤᠮ ᠤᠨ ᠬᠠᠮᠠᠭᠠᠯᠠᠯᠳᠠ ᠶᠢᠨ ᠪᠡᠯᠡᠳᠬᠡᠮᠵᠢ ᠳᠤ ᠠᠪᠠᠷᠢᠬᠤ᠂ ᠦᠷᠦᠮᠳᠡᠬᠦ | ᠪᠠ ᠳᠠᠪᠠᠭ᠋ᠤ᠂ ᠡᠪᠳᠡᠨ ᠰᠦᠢᠳᠬᠡᠬᠦ︔ | ︵ᠲᠤᠯᠤᠭ᠎ᠠ︶ ᠪᠣᠬᠢᠷ ᠪᠣᠳᠠᠰ ᠭᠠᠳᠠᠭᠰᠢᠯᠠᠭᠤᠯᠬᠤ᠂ ᠬᠤᠭ ᠨᠣᠪᠰᠢ ᠬᠠᠶᠠᠵᠦ ᠴᠢᠳᠬᠤᠬᠤ᠂ ᠬᠠᠶᠠᠭᠳᠠᠮᠠᠯ | ᠪᠣᠳᠠᠰ ᠪᠤᠶᠤ ᠬᠡᠷᠡᠭᠯᠡᠵᠦ ᠦᠩᠬᠡᠷᠡᠭᠰᠡᠨ ᠬᠠᠶ᠋ᠬᠠᠳᠠᠯ ᠰᠢᠷᠣᠶ ᠤᠪᠤᠭᠠᠯᠠᠬᠤ︔ | ︵ᠨᠠᠢᠮᠠ︶ ᠥᠩᠭᠡᠲᠦ ᠪᠤᠯᠤᠳ ᠵᠡᠷᠭᠡ ᠬᠥᠩᠭᠡᠨ ᠪᠠᠷᠢᠯᠭ᠎ᠠ ᠶᠢᠨ ᠮᠠᠲ᠋ᠧᠷᠢᠶᠠᠯ ᠢ ᠬᠡᠷᠡᠭᠯᠡᠨ ᠬᠡᠷ ᠪᠠᠷᠢᠯᠭ᠎ᠠ ᠪᠠ | ᠪᠠᠷᠢᠯᠭ᠎ᠠ ᠶᠢᠨ ᠪᠤᠰᠤᠳ ᠵᠦᠢᠯᠡᠰ ᠪᠠᠶᠢᠭᠤᠯᠬᠤ᠃ | ᠠᠷᠪᠠᠨ ᠨᠢᠬᠡᠳᠦᠬᠡᠷ ᠵᠦᠢᠯ ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ | ᠣᠷᠣᠨ ᠤ ᠲᠤᠳᠤᠷᠠᠬᠢ ᠨᠢᠬᠡᠨᠳᠡ ᠪᠠᠶᠢᠭ᠎ᠠ ᠬᠡᠷ ᠪᠠᠷᠢᠯᠭ᠎ᠠ ᠪᠠ ᠪᠠᠷᠢᠯᠭ᠎ᠠ ᠶᠢᠨ ᠪᠤᠰᠤᠳ ᠵᠦᠢᠯᠡᠰ ᠨᠢ ᠲᠡᠮᠦᠷ ᠵᠠᠮ ᠤᠨ | ᠲᠡᠭᠡᠭᠡᠪᠦᠷᠢ ᠶᠢᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠤᠭᠰᠠᠨ ᠪᠠᠶᠢᠪᠠᠯ᠂ ᠲᠡᠭᠦᠨ ᠤ ᠦᠮᠴᠢᠯᠡᠬᠦ | ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠬᠤᠯᠠ ᠪᠦᠬᠦᠢ ᠠᠷᠭ᠎ᠠ | ᠬᠡᠮᠵᠢᠶ᠎ᠡ ᠠᠪᠴᠤ᠂ ᠠᠮᠤᠷ ᠲᠦᠪᠰᠢᠨ ᠤ ᠳᠠᠯᠳᠠ ᠭᠡᠮ ᠢ ᠲᠠᠷᠦ᠋ᠢᠬᠠᠨ ᠠᠷᠢᠯᠭᠠᠬᠤ ᠬᠡᠷᠡᠭᠲᠡᠶ᠃ ᠦᠮᠴᠢᠯᠡᠬᠦ ᠡᠷᠬᠡᠲᠦ | ᠬᠥᠮᠦᠨ ᠪᠤᠶᠤ ᠬᠠᠮᠢᠶᠠᠷᠤᠭᠴᠢ ᠨᠢ ᠳᠠᠯᠳᠠ ᠭᠡᠮ ᠢ ᠠᠷᠢᠯᠭᠠᠬᠤ ᠶᠢ ᠲᠡᠪᠴᠢᠭᠰᠡᠨ ᠪᠤᠶᠤ ᠠᠮᠤᠷ ᠲᠦᠪᠰᠢᠨ ᠤ | ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠴᠤ ᠮᠥᠨ ᠯᠡ ᠠᠮᠤᠷ ᠲᠦᠪᠰᠢᠨ ᠢ ᠨᠢ ᠪᠠᠲᠤᠯᠠᠵᠤ ᠴᠢᠳᠠᠬᠤ | ᠦᠭᠡᠢ ᠪᠠᠶᠢᠪᠠᠯ᠂ ᠬᠠᠤᠯᠢ ᠶᠣᠰᠣᠭᠠᠷ ᠨᠤᠷᠠᠭᠠᠯᠭᠠᠬᠤ ᠬᠡᠷᠡᠭᠳᠡᠢ᠃ | ᠲᠡᠮᠦᠷ ᠵᠠᠮ ᠤᠨ ᠱᠤᠭᠤᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠤ ᠲᠤᠳᠤᠷᠠᠬᠢ ᠨᠢᠬᠡᠨᠳᠡ | ᠪᠠᠶᠢᠭ᠎ᠠ ᠤᠰᠤ ᠬᠠᠩᠭᠠᠬᠤ ᠤᠰᠤ ᠵᠠᠯᠠᠬᠤ᠂ ᠰᠢᠳᠠᠮᠠᠬᠠᠢ ᠬᠡᠢ᠂ ᠴᠢᠮᠡᠭᠡ ᠬᠤᠯᠪᠣᠭ᠎ᠠ᠂ ᠴᠠᠬᠢᠯᠭᠠᠨ ᠬᠦᠴᠦᠨ᠂ | ᠭᠦᠦᠷᠯᠢᠭ ᠰᠤᠪᠠᠭ ᠵᠡᠷᠭᠡ ᠪᠡᠯᠡᠳᠬᠡᠮᠵᠢ ᠶᠢᠨ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠡᠳᠦᠷ | ᠲᠤᠲᠤᠮ ᠤᠨ ᠪᠠᠶᠢᠴᠠᠭᠠᠯᠲᠠ ᠬᠠᠮᠠᠭᠠᠯᠠᠯᠲᠠ ᠪᠠᠨ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠣᠯᠵᠤ | ᠮᠡᠳᠡᠪᠡᠯ ᠲᠠᠷᠤᠢ ᠲᠦᠷᠬᠡᠨ ᠠᠷᠢᠯᠭᠠᠬᠤ ᠬᠡᠷᠡᠭᠲᠡᠶ᠃ ᠲᠠᠷᠤᠢ ᠲᠦᠷᠬᠡᠨ ᠠᠷᠢᠯᠭᠠᠵᠤ ᠲᠡᠶᠢᠯᠬᠦ ᠦᠭᠡᠢ ᠮᠦᠷᠳᠡᠬᠡᠨ | ᠲᠡᠮᠦᠷ ᠵᠠᠮ ᠤᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠬᠤ ᠪᠤᠯᠤᠮᠵᠢ ᠲᠠᠢ ᠪᠠᠶᠢᠪᠠᠯ᠂ ᠲᠡᠮᠦᠷ | ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠳᠤ ᠲᠠᠷᠦ᠋ᠢᠬᠠᠨ ᠮᠡᠳᠡᠭᠳᠡᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠲᠡᠮᠦᠷ ᠵᠠᠮ ᠤᠨ ᠦᠢᠯᠡᠳᠪᠦᠷᠢᠯᠡᠯ ᠤᠨ ᠪᠡᠯᠡᠳᠬᠡᠮᠵᠢ ᠪᠤᠶᠤ ᠲᠡᠮᠦᠷ ᠵᠠᠮ ᠲᠠᠢ | ᠰᠣᠯᠪᠢᠴᠠᠭᠰᠠᠨ ᠬᠤᠲᠠ ᠶᠢᠨ ᠵᠠᠮ᠂ ᠵᠠᠰᠠᠮᠠᠯ ᠵᠠᠮ᠂ ᠬᠤᠭᠤᠯᠠᠶ ᠱᠤᠭᠤᠮ ᠵᠡᠷᠭᠡ ᠤᠯᠠᠨ ᠨᠡᠶᠢᠳᠡ ᠶᠢᠨ | ᠪᠡᠯᠡᠳᠬᠡᠮᠵᠢ ᠠᠴᠠ ᠭᠠᠳᠠᠨ᠎ᠠ᠂ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ | ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ | ᠭᠠᠳ᠋ᠬᠠᠰᠢ ᠲᠣᠰ ᠪᠦᠷᠢ 30 ᠮᠧᠲᠷ ᠤᠨ ᠬᠡᠪᠴᠢᠶᠡᠨ ᠤ ᠳᠣᠲᠣᠷ᠎ᠠ ᠡᠯᠡᠰᠦ ᠮᠠᠯᠲᠠᠵᠤ ᠰᠢᠷᠣᠶ ᠠᠪᠬᠤ ᠪᠤᠶᠤ ᠬᠡᠷ | ᠪᠠᠷᠢᠯᠭ᠎ᠠ ᠪᠠ ᠪᠠᠷᠢᠯᠭ᠎ᠠ ᠶᠢᠨ ᠪᠤᠰᠤᠳ ᠵᠦᠢᠯᠡᠰ ᠪᠠᠷᠢᠬᠤ ᠵᠡᠷᠭᠡ ᠲᠥᠷᠥᠯ ᠵᠦᠢᠯ ᠢ ᠲᠥᠯᠥᠪᠵᠢᠭᠦᠯᠦᠨ ᠬᠢᠨᠠᠨ | ᠵᠥᠪᠰᠢᠶᠡᠷᠡᠵᠦ ᠪᠣᠯᠬᠤ ᠦᠭᠡᠢ᠃ | ᠨᠢᠬᠡᠴᠢ ᠪᠤᠶᠤ ᠬᠤᠪᠢ ᠬᠥᠮᠦᠨ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ | ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠲᠣᠰ | ᠪᠦᠷᠢ 30 ᠮᠧᠲᠷ ᠤᠨ ᠬᠡᠪᠴᠢᠶᠡᠨ ᠤ ᠳᠣᠲᠣᠷ᠎ᠠ ᠪᠠᠷᠢᠯᠭ᠎ᠠ ᠶᠢᠨ ᠲᠥᠷᠥᠯ ᠵᠦᠢᠯ ᠢ ᠨᠡᠭᠡᠭᠡᠨ ᠪᠠᠶᠢᠭᠤᠯᠬᠤ ᠬᠡᠪᠡᠯ᠂ | ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠥᠪᠯᠡᠯᠴᠡᠭᠡᠷ | ᠲᠣᠭᠲᠠᠬᠤ ᠬᠡᠷᠡᠭᠲᠡᠶ᠃ ᠠᠮᠤᠷ ᠲᠦᠪᠰᠢᠨ ᠤ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ | ᠪᠠᠷᠢᠯᠭ᠎ᠠ ᠶᠢᠨ ᠠᠵᠢᠯ ᠬᠢᠵᠦ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ | ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠲᠣᠰ | ᠪᠦᠷᠢ 50 ᠮᠧᠲᠷ ᠤᠨ ᠬᠡᠪᠴᠢᠶᠡᠨ ᠤ ᠳᠣᠲᠣᠷ᠎ᠠ᠂ ᠲᠠᠮᠠᠬᠢᠨ ᠤᠵᠠᠭᠤᠷ ᠬᠠᠶᠠᠵᠦ ᠰᠢᠳᠡᠬᠦ᠂ ᠬᠤᠸᠠᠷ ᠫᠤᠤᠵᠢᠩ | ᠲᠠᠯᠪᠢᠬᠤ ᠪᠠ ᠡᠰᠢ ᠰᠦᠷᠡᠯ᠂ ᠬᠡᠬᠡᠷ᠎ᠡ ᠶᠢᠨ ᠡᠪᠡᠰᠦ᠂ ᠬᠤᠶᠢᠯᠭ᠎ᠠ ᠶᠢᠨ ᠴᠠᠭᠠᠰᠤᠨ ᠵᠣᠭᠤᠰ᠂ ᠬᠤᠭ ᠨᠣᠪᠰᠢ ᠵᠡᠷᠭᠡ | ᠰᠢᠳᠠᠮᠠᠬᠠᠢ ᠪᠣᠳᠠᠰ ᠰᠢᠲᠠᠭᠠᠬᠤ ᠶᠢ ᠴᠠᠭᠠᠵᠠᠯᠠᠨ᠎ᠠ᠃ | ᠠᠷᠪᠠᠨ ᠲᠦᠷᠪᠡᠳᠦᠬᠡᠷ ᠵᠦᠢᠯ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ | ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ | ᠭᠠᠳ᠋ᠬᠠᠰᠢ ᠲᠣᠰ ᠪᠦᠷᠢ 200 ᠮᠧᠲᠷ ᠤᠨ ᠬᠡᠪᠴᠢᠶᠡᠨ ᠤ ᠳᠣᠲᠣᠷ᠎ᠠ ᠥᠩᠭᠡᠲᠦ ᠪᠣᠯᠣᠳ ᠸᠠᠭᠠᠷ᠂ ᠥᠩᠭᠡᠲᠦ | ᠪᠣᠯᠣᠳ ᠬᠠᠪᠲᠠᠰᠤ ᠵᠡᠷᠭᠡ ᠬᠥᠩᠭᠡᠨ ᠮᠠᠲ᠋ᠧᠷᠢᠶᠠᠯ ᠤᠳ ᠢ ᠵᠠᠳᠠᠭᠠᠢ ᠤᠪᠤᠭᠠᠯᠠᠨ ᠲᠠᠯᠪᠢᠵᠦ ᠪᠣᠯᠬᠤ ᠦᠭᠡᠢ᠃ | ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ | ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠲᠣᠰ ᠪᠦᠷᠢ 200 | ᠮᠧᠲᠷ ᠤᠨ ᠬᠡᠪᠴᠢᠶᠡᠨ ᠲᠤᠳᠤᠷᠠᠬᠢ ᠥᠩᠭᠡᠲᠦ ᠪᠤᠯᠤᠳ ᠭᠡᠷ ᠪᠠᠶᠢᠰᠢᠩ᠂ ᠥᠩᠭᠡᠲᠦ ᠪᠤᠯᠤᠳ ᠳᠡᠭᠡᠪᠦᠷ ᠲᠠᠢ ᠪᠤᠶᠤ | ᠬᠥᠩᠭᠡᠨ ᠮᠠᠲ᠋ᠧᠷᠢᠶᠠᠯ ᠢᠶᠠᠷ ᠪᠠᠷᠢᠭᠰᠠᠨ ᠬᠡᠷ ᠪᠠᠷᠢᠯᠭ᠎ᠠ ᠪᠠ ᠪᠠᠷᠢᠯᠭ᠎ᠠ ᠶᠢᠨ ᠪᠤᠰᠤᠳ ᠵᠦᠢᠯᠡᠰ ᠵᠢᠴᠢ ᠲᠣᠭᠤᠰᠣ | ᠬᠤᠷᠢᠨᠨᠯᠠᠬᠤ ᠲᠣᠤᠷ᠂ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ᠂ ᠳ᠋ᠧᠩ ᠤᠨ ᠬᠠᠶᠢᠷᠴᠠᠭ᠂ ᠰᠦᠯᠢᠶᠣᠣ ᠭᠦᠯᠡᠮᠵᠢ᠂ | ᠲᠠᠷᠢᠶᠠᠯᠠᠩ ᠳᠤ ᠬᠡᠷᠡᠭᠯᠡᠬᠦ ᠨᠢᠮᠬᠡᠨ ᠪᠦᠷᠭᠦᠭᠦᠯ ᠵᠡᠷᠭᠡ ᠶᠢᠨ ᠦᠮᠴᠢᠯᠡᠬᠦ ᠡᠷᠬᠡᠳᠦ ᠬᠥᠮᠦᠨ ᠪᠤᠶᠤ ᠬᠠᠮᠢᠶᠠᠷᠤᠭᠴᠢ ᠨᠢ | ᠠᠷᠭ᠎ᠠ ᠬᠡᠮᠵᠢᠶ᠎ᠡ ᠠᠪᠴᠤ ᠪᠠᠶᠢᠭᠠᠳ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠤ ᠳᠠᠯᠳᠠ ᠭᠡᠮ ᠢ | ᠠᠷᠢᠯᠭᠠᠬᠤ ᠬᠡᠷᠡᠭᠲᠡᠶ᠃ ᠲᠡᠮᠦᠷ ᠵᠠᠮ ᠤᠨ ᠠᠮᠤᠷ ᠲᠦᠪᠰᠢᠨ ᠤ ᠡ᠊ᠨᠳᠡᠯ ᠭᠠᠷᠭᠠᠭᠰᠠᠨ ᠪᠠᠶᠢᠪᠠᠯ᠂ ᠲᠡᠭᠦᠨ ᠤ | ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠬᠠᠤᠯᠢ ᠶᠣᠰᠣᠭᠠᠷ ᠲᠥᠯᠥᠪᠦᠷᠢ ᠥᠭᠬᠦ ᠬᠡᠷᠡᠭᠲᠡᠶ᠃ | ᠠᠷᠪᠠᠨ ᠲᠠᠪᠤᠳᠤᠭᠠᠷ ᠵᠦᠢᠯ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ | ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠲᠣᠰ | ᠪᠦᠷᠢ 500 ᠮᠧᠲᠷ ᠤᠨ ᠬᠡᠪᠴᠢᠶᠡᠨ ᠤ ᠳᠣᠲᠣᠷ᠎ᠠ᠂ ᠵᠢᠯᠣᠭᠤᠴᠢ ᠦᠭᠡᠢ ᠨᠢᠰᠬᠡᠯ᠂ ᠴᠠᠭᠠᠰᠤᠨ ᠰᠢᠪᠠᠭᠤ᠂ | ᠲᠡᠭᠳᠡᠭᠦᠷ ᠳ᠋ᠧᠩᠯᠤ ᠵᠡᠷᠭᠡ ᠳᠣᠤᠭᠤᠷ ᠨᠢᠰᠬᠦ ᠵᠦᠢᠯᠡᠰ ᠤᠳ ᠢ ᠳᠤᠷ᠎ᠠ ᠪᠠᠷ ᠢᠶᠠᠨ ᠲᠡᠭᠳᠡᠬᠡᠨ ᠨᠢᠰᠦᠭᠦᠯᠬᠦ ᠶᠢ | ᠴᠠᠭᠠᠵᠠᠯᠠᠬᠤ ᠬᠡᠷᠡᠭᠳᠡᠢ᠃ | ᠠᠷᠪᠠᠨ ᠵᠢᠷᠭᠤᠳᠤᠭᠠᠷ ᠵᠦᠢᠯ ᠲᠡᠮᠦᠷ ᠵᠠᠮ ᠳᠠᠭᠠᠤ ᠶᠢᠨ ᠲᠡᠬᠡᠳᠦ ᠤᠷᠤᠰᠬᠠᠯ ᠤᠨ ᠤᠰᠤᠨ ᠴᠥᠭᠦᠷᠥᠮ ᠤᠨ | ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ | ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠦᠪᠯᠡᠯᠴᠡᠬᠡᠷ ᠲᠣᠭᠲᠠᠬᠤ ᠬᠡᠷᠡᠭᠲᠡᠶ᠂ ᠬᠠᠰᠢᠯᠭ᠎ᠠ ᠨᠡᠭᠡᠭᠡᠵᠦ ᠤᠰᠤ | ᠲᠠᠯᠪᠢᠬᠤ᠂ ᠤᠰᠤᠨ ᠴᠥᠭᠦᠷᠥᠮ ᠤᠨ ᠦᠶᠡᠷ ᠢ ᠵᠠᠯᠠᠬᠤ ᠪᠤᠶᠤ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ | ᠬᠢᠵᠠᠭᠠᠷᠯᠠᠯ ᠤᠨ ᠤᠰᠤᠨ ᠲᠦᠪᠰᠢᠨ ᠳᠤ ᠬᠦᠷᠬᠦ ᠵᠡᠷᠭᠡ ᠪᠠᠶᠢᠳᠠᠯ ᠲᠤᠯᠭᠠᠷᠠᠪᠠᠯ᠂ ᠲᠡᠮᠦᠷ ᠵᠠᠮ ᠤᠨ ᠲᠡᠭᠡᠭᠡᠪᠦᠷᠢ ᠶᠢᠨ | ᠠᠵᠤ ᠠᠬᠤᠶᠢᠯᠠᠯ ᠳᠤ ᠤᠷᠢᠳᠴᠢᠯᠠᠨ ᠮᠡᠳᠡᠭᠳᠡᠬᠦ ᠬᠡᠷᠡᠭᠲᠡᠶ᠃ | ᠠᠷᠪᠠᠨ ᠳᠣᠯᠣᠳᠤᠭᠠᠷ ᠵᠦᠢᠯ ᠲᠡᠮᠦᠷ ᠵᠠᠮ ᠢ ᠪᠦᠲᠦᠭᠡᠨ ᠪᠠᠶᠢᠭᠤᠯᠬᠤ᠂ ᠪᠠᠷᠢᠯᠭ᠎ᠠ ᠪᠠᠷᠢᠬᠤ᠂ ᠲᠣᠨᠤᠭ | ᠲᠥᠬᠦᠭᠡᠷᠦᠮᠵᠢ ᠶᠢ ᠬᠠᠮᠠᠭᠠᠯᠠᠨ ᠬᠠᠮᠢᠶᠠᠷᠬᠤ ᠨᠢᠭᠡᠴᠢ ᠨᠢ ᠲᠡᠮᠦᠷ ᠵᠠᠮ ᠤᠨ ᠪᠠᠷᠢᠯᠭ᠎ᠠ ᠪᠠᠷᠢᠬᠤ᠂ ᠰᠡᠯᠪᠢᠨ ᠵᠠᠰᠠᠬᠤ | ᠠᠵᠢᠯ ᠬᠢᠬᠦ ᠪᠤᠶᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ᠂ ᠲᠠᠷᠢᠶᠠᠯᠠᠬᠤ ᠤᠷᠤᠨ᠂ ᠮᠠᠯᠵᠢᠬᠤ | ᠣᠷᠣᠨ ᠤ ᠵᠠᠮ ᠢᠶᠠᠷ ᠥᠩᠭᠡᠷᠡᠬᠦ ᠴᠢᠬᠤᠯᠠᠲᠠᠶ ᠪᠠᠶᠢᠪᠠᠯ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠵᠠᠮ ᠬᠠᠰᠢᠵᠤ᠂ | ᠬᠤᠷᠢᠭ᠎ᠠ ᠲᠠᠯᠪᠢᠵᠤ᠂ ᠰᠦᠢᠳᠬᠡᠯ ᠬᠤᠷᠢᠶᠠᠵᠤ ᠪᠣᠯᠬᠤ ᠦᠭᠡᠢ᠃ | ᠠᠷᠪᠠᠨ ᠨᠠᠢᠮᠠᠳᠤᠭᠠᠷ ᠵᠦᠢᠯ ᠶᠠᠮᠠᠷᠪᠠ ᠨᠢᠭᠡᠴᠢ ᠪᠤᠶᠤ ᠬᠤᠪᠢ ᠬᠥᠮᠦᠨ ᠬᠠᠤᠯᠢ ᠶᠣᠰᠣᠭᠠᠷ ᠵᠠᠭᠠᠭᠯᠠᠨ | ᠲᠣᠭᠲᠠᠭᠠᠭᠰᠠᠨ ᠴᠠᠬᠢᠯᠭᠠᠨ ᠬᠦᠴᠦᠨ ᠤ ᠬᠡᠯᠬᠢᠶᠡᠨ ᠤ ᠱᠤᠭᠤᠮ ᠤᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠬᠡᠷ | ᠪᠠᠷᠢᠯᠭ᠎ᠠ ᠪᠠ ᠪᠠᠷᠢᠯᠭ᠎ᠠ ᠶᠢᠨ ᠪᠤᠰᠤᠳ ᠵᠦᠢᠯᠡᠰ ᠪᠤᠶᠤ ᠲᠠᠷᠢᠶᠠᠯᠠᠩ ᠣᠢ ᠰᠢᠭᠤᠶ ᠶᠢᠨ ᠲᠠᠷᠢᠮᠠᠯ ᠲᠠᠷᠢᠬᠤ᠂ ᠶᠠᠭᠤᠮ᠎ᠠ | ᠬᠡᠤᠮ᠎ᠠ ᠤᠪᠤᠭᠠᠯᠠᠨ ᠲᠠᠯᠪᠢᠬᠤ ᠵᠡᠷᠭᠡ ᠲᠡᠮᠦᠷ ᠵᠠᠮ ᠤᠨ ᠠᠮᠤᠷ ᠲᠦᠪᠰᠢᠨ ᠳᠤ ᠠᠶᠤᠯ ᠲᠦᠭᠰᠢᠬᠦᠷᠢ ᠤᠴᠠᠷᠠᠭᠤᠯᠬᠤ | ᠪᠤᠯᠤᠮᠵᠢᠳᠠᠢ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠃ | ᠠᠷᠪᠠ ᠶᠢᠰᠦᠳᠦᠬᠡᠷ ᠵᠦᠢᠯ ᠲᠡᠬᠡᠳᠦ ᠬᠤᠷᠳᠤ ᠶᠢᠨ ᠲᠡᠮᠦᠷ ᠵᠠᠮ ᠤᠨ ᠱᠤᠭᠤᠮ ᠤᠨ ᠬᠤᠶᠠᠷ ᠬᠠᠵᠠᠭᠤ ᠠᠴᠠ | 100 ᠮᠧᠲᠷ ᠤᠨ ᠭᠦᠷᠢᠶ᠎ᠡ ᠬᠡᠪᠴᠢᠶᠡᠨ ᠤ ᠲᠤᠳᠤᠷ᠎ᠠ ᠪᠤᠯ ᠲᠡᠬᠡᠳᠦ ᠬᠤᠷᠳᠤ ᠶᠢᠨ ᠲᠡᠮᠦᠷ ᠵᠠᠮ ᠤᠨ ᠪᠠᠷᠢᠯᠭ᠎ᠠ ᠶᠢᠨ | ᠠᠮᠤᠷ ᠲᠦᠪᠰᠢᠨ ᠤ ᠡᠵᠡᠮᠳᠡᠬᠦ ᠲᠤᠭᠤᠷᠢᠭ ᠪᠣᠯᠤᠨ᠎ᠠ᠃ ᠡᠵᠡᠮᠳᠡᠬᠦ ᠣᠷᠣᠨ ᠤ ᠳᠣᠲᠣᠷᠠᠬᠢ ᠬᠡᠷ ᠪᠠᠷᠢᠯᠭ᠎ᠠ ᠪᠠ | ᠪᠠᠷᠢᠯᠭ᠎ᠠ ᠶᠢᠨ ᠪᠤᠰᠤᠳ ᠵᠦᠢᠯᠡᠰ ᠨᠢ ᠲᠡᠮᠦᠷ ᠵᠠᠮ ᠤᠨ ᠠᠮᠤᠷ ᠲᠦᠪᠰᠢᠨ ᠢ ᠨᠥᠯᠥᠭᠡᠯᠡᠭᠰᠡᠨ ᠪᠠᠶᠢᠪᠠᠯ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠠᠤᠯᠢ ᠶᠣᠰᠣᠭᠠᠷ ᠨᠤᠷᠠᠭᠠᠬᠤ ᠪᠤᠶᠤ ᠴᠡᠭᠴᠡᠯᠡᠨ ᠵᠠᠰᠠᠬᠤ ᠬᠡᠷᠡᠭᠲᠡᠶ᠃ | ᠬᠤᠷᠢᠳᠤᠭᠠᠷ ᠵᠦᠢᠯ ᠲᠡᠬᠡᠳᠦ ᠬᠤᠷᠳᠤ ᠶᠢᠨ ᠲᠡᠮᠦᠷ ᠵᠠᠮ ᠤᠨ ᠱᠤᠭᠤᠮ ᠤᠨ ᠵᠠᠮ ᠤᠨ ᠲᠡᠯᠡᠩ ᠤᠨ | ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ | ᠬᠠᠵᠠᠭᠤ ᠠᠴᠠ ᠡᠬᠢᠯᠡᠨ ᠲᠣᠰ ᠪᠦᠷᠢ 200 ᠮᠧᠲᠷ ᠤᠨ ᠬᠡᠪᠴᠢᠶᠡᠨ ᠤ ᠳᠣᠲᠣᠷ᠎ᠠ ᠭᠠᠵᠠᠷ ᠳᠣᠤᠷᠠᠬᠢ ᠤᠰᠤ ᠶᠢ | ᠲᠠᠳᠠᠨ ᠠᠪᠬᠤ ᠶᠢ ᠴᠠᠭᠠᠵᠠᠯᠠᠬᠤ ᠬᠡᠷᠡᠭᠳᠡᠢ᠃ | ᠦᠬᠡᠷᠡᠴᠢᠯᠡᠵᠦ ᠲᠡᠰ ᠲᠡᠪᠰᠢᠬᠦᠯᠦᠬᠡᠳ ᠠᠶᠠᠯᠠᠯ ᠤᠨ ᠬᠤᠷᠳᠤᠴᠠ ᠶᠢ ᠨᠢ 200 ᠺᠢᠯᠣᠮᠧᠲᠷ ᠠᠴᠠ ᠳᠡᠭᠡᠭᠰᠢ | ᠪᠤᠯᠭᠠᠨᠨᠰᠠᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ | ᠵᠠᠮ ᠤᠨ ᠰᠤᠪᠠᠭ ᠤᠨ ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠠᠴᠠ ᠡᠬᠢᠯᠡᠨ ᠲᠣᠰ | ᠪᠦᠷᠢ 200 ᠮᠧᠲᠷ ᠤᠨ ᠬᠡᠪᠴᠢᠶᠡᠨ ᠤ ᠳᠣᠲᠣᠷ᠎ᠠ ᠰᠢᠨ᠎ᠡ ᠪᠠᠷ ᠤᠰᠤᠨ ᠬᠤᠳᠳᠤᠭ ᠮᠠᠯᠳᠠᠬᠤ ᠶᠢ ᠴᠠᠭᠠᠵᠠᠯᠠᠨ᠎ᠠ᠃ | ᠨᠢᠭᠡᠨᠲᠡ ᠮᠠᠯᠳ᠋ᠬᠠᠰᠠᠨ ᠤᠰᠤᠨ ᠬᠤᠳᠳᠤᠭ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠰᠢᠯᠭᠠᠨ ᠪᠠᠶᠢᠴᠠᠭᠠᠭᠠᠳ | ᠲᠡᠮᠦᠷ ᠵᠠᠮ ᠤᠨ ᠠᠮᠤᠷ ᠲᠦᠪᠰᠢᠨ ᠢ ᠨᠥᠯᠥᠭᠡᠯᠡᠭᠰᠡᠨ ᠪᠠᠶᠢᠪᠠᠯ ᠪᠦᠭᠯᠡᠵᠦ ᠬᠠᠶᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠪᠣᠯᠵᠤ᠂ | ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠨᠡᠮᠡᠵᠦ ᠪᠠᠶᠢᠭᠤᠯᠬᠤ ᠵᠠᠰᠠᠮᠠᠯ ᠵᠠᠮ᠂ ᠬᠥᠭᠦᠷᠭᠡ᠂ | ᠭᠤᠯᠳᠤᠩ ᠵᠢᠴᠢ ᠲᠡᠭᠦᠨ ᠤ ᠳᠠᠭᠠᠯᠲᠠ ᠪᠡᠯᠡᠳᠬᠡᠮᠵᠢ ᠶᠢ ᠪᠤᠯ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ | ᠨᠢᠭᠡᠴᠢ ᠪᠤᠶᠤ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠠᠢ ᠬᠠᠮᠳᠤᠷᠠᠯᠴᠠᠵᠦ ᠰᠢᠯᠭᠠᠨ ᠠᠪᠴᠤ ᠬᠢᠷᠢ ᠲᠡᠩᠴᠡᠭᠰᠡᠨ ᠤ ᠳᠠᠷᠠᠭ᠎ᠠ ᠬᠤᠯᠪᠣᠭᠳᠠᠯ ᠪᠦᠬᠦᠢ | ᠲᠣᠭᠲᠠᠭᠠᠯ ᠪᠠ ᠵᠦᠪᠯᠡᠯᠴᠡᠬᠡᠷ ᠶᠣᠰᠣᠭᠠᠷ ᠬᠠᠮᠢᠶ᠎ᠠ ᠪᠦᠬᠦᠢ ᠨᠢᠭᠡᠴᠢ ᠳᠤ ᠰᠢᠯᠵᠢᠭᠦᠯᠦᠨ ᠲᠤᠰᠢᠶᠠᠬᠤ ᠬᠡᠷᠡᠭᠲᠡᠶ᠃ | ᠬᠠᠮᠢᠶ᠎ᠠ ᠪᠦᠬᠦᠢ ᠨᠢᠬᠡᠴᠢ ᠨᠢ ᠬᠦᠯᠢᠶᠡᠨ ᠠᠪᠬᠤ ᠶᠢ ᠲᠡᠪᠴᠢᠭᠰᠡᠨ ᠪᠤᠶᠤ ᠬᠦᠯᠢᠶᠡᠨ ᠠᠪᠬᠤ ᠨᠢᠬᠡᠴᠢ ᠦᠭᠡᠢ | ᠪᠠᠶᠢᠪᠠᠯ᠂ ᠪᠠᠶᠢᠭ᠎ᠠ ᠭᠠᠵᠠᠷ ᠤᠨ ᠬᠢᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠶᠢᠳᠪᠦᠷᠢᠯᠡᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠵᠠᠮ ᠱᠤᠭᠤᠮ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠵᠠᠮ | ᠱᠤᠭᠤᠮ ᠤᠨ ᠡᠵᠡᠩᠨᠡᠯᠳᠡ ᠶᠢᠨ ᠠᠵᠤ ᠠᠬᠤᠶᠢᠯᠠᠯ ᠨᠢ ᠵᠠᠮ ᠱᠤᠭᠤᠮ ᠪᠠ ᠲᠡᠮᠦᠷ ᠵᠠᠮ ᠲᠠᠢ ᠵᠡᠷᠬᠡᠴᠡᠬᠦᠯᠵᠦ | ᠲᠡᠪᠢᠰᠦᠭᠰᠡᠨ ᠵᠠᠮ ᠤᠨ ᠬᠡᠰᠡᠭ᠂ ᠲᠡᠮᠦᠷ ᠵᠠᠮ ᠤᠨ ᠭᠦᠭᠦᠷᠬᠡᠨ ᠲᠤᠤᠭᠤᠷ ᠦᠩᠬᠡᠷᠡᠬᠦ ᠵᠠᠮ᠂ ᠲᠡᠮᠦᠷ ᠵᠠᠮ ᠤᠨ | ᠱᠤᠭᠤᠮ ᠤᠨ ᠲᠡᠬᠡᠭᠦᠷ ᠦᠩᠬᠡᠷᠡᠬᠦ ᠵᠠᠮᠳᠤ ᠭᠦᠭᠦᠷᠬᠡᠨ ᠳᠤ ᠪᠠᠷᠢᠮᠵᠢᠶ᠎ᠠ ᠶᠣᠰᠣᠭᠠᠷ ᠠᠮᠤᠷ ᠲᠦᠪᠰᠢᠨ ᠤ ᠲᠤᠰᠠᠭᠠᠷᠯᠠᠬᠤ | ᠪᠡᠯᠡᠳᠬᠡᠮᠵᠢ᠂ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ᠂ ᠰᠡᠷᠡᠮᠵᠢᠯᠡᠭᠦᠯᠬᠦ ᠲᠡᠮᠳᠡᠭ ᠵᠢᠴᠢ ᠪᠤᠰᠤᠳ ᠳᠠᠭᠠᠯᠲᠠ | ᠲᠦᠭᠦᠬᠡᠷᠦᠮᠵᠢ ᠪᠠᠶᠢᠷᠢᠯᠠᠭᠤᠯᠵᠦ᠂ ᠬᠠᠮᠳᠤ ᠳᠤ ᠨᠢ ᠡᠳᠦᠷ ᠲᠤᠲᠤᠮ ᠤᠨ ᠬᠠᠮᠠᠭᠠᠯᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠳᠤ ᠠᠶᠤᠯ ᠲᠦᠭᠰᠢᠭᠦᠷᠢ ᠤᠴᠠᠷᠠᠭᠤᠯᠵᠦ | ᠮᠡᠳᠡᠬᠦ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠬᠤ ᠬᠡᠷᠡᠭᠲᠡᠶ᠃ | ᠲᠡᠮᠦᠷ ᠵᠠᠮ ᠲᠠᠢ ᠵᠡᠷᠬᠡᠴᠡᠭᠦᠯᠵᠦ ᠲᠡᠪᠢᠰᠦᠭᠰᠡᠨ ᠵᠠᠮ ᠱᠤᠭᠤᠮ᠂ ᠲᠡᠮᠦᠷ ᠵᠠᠮ ᠤᠨ ᠭᠦᠭᠦᠷᠬᠡᠨ ᠲᠤᠤᠭᠤᠷ | ᠲᠡᠪᠢᠰᠦᠭᠰᠡᠨ ᠵᠠᠮ᠂ ᠲᠡᠮᠦᠷ ᠵᠠᠮ ᠤᠨ ᠲᠡᠬᠡᠭᠦᠷ ᠦᠩᠬᠡᠷᠡᠬᠦ ᠵᠠᠮᠳᠤ ᠭᠦᠭᠦᠷᠬᠡ ᠶᠢᠨ ᠦᠮᠴᠢᠯᠡᠬᠦ ᠡᠷᠬᠡᠲᠦ ᠬᠥᠮᠦᠨ | ᠪᠤᠶᠤ ᠬᠠᠮᠢᠶᠠᠷᠤᠭᠴᠢ ᠨᠢ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠠᠮᠤᠷ ᠲᠦᠪᠰᠢᠨ ᠤ | ᠬᠠᠷᠢᠭᠤᠴᠠᠯᠭ᠎ᠠ ᠶᠢᠨ ᠵᠥᠪᠯᠡᠯᠴᠡᠭᠡᠷ ᠲᠣᠭᠲᠠᠵᠤ᠂ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠲᠡᠮᠦᠷ ᠵᠠᠮ ᠤᠨ ᠱᠤᠭᠤᠮ ᠤᠨ ᠬᠤᠶᠠᠷ ᠬᠠᠵᠠᠭᠤ ᠶᠢᠨ ᠠᠷᠠᠩᠭ᠎ᠠ᠂ ᠬᠤᠯᠠᠩ᠂ | ᠤᠢ ᠮᠤᠳᠤᠨ ᠤ ᠦᠮᠴᠢᠯᠡᠬᠦ ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠠᠮᠤᠷ ᠲᠦᠪᠰᠢᠨ ᠤ ᠠᠷᠭ᠎ᠠ ᠬᠡᠮᠵᠢᠶ᠎ᠡ | ᠠᠪᠴᠤ ᠪᠠᠶᠢᠭᠠᠳ᠂ ᠠᠷᠠᠩᠭ᠎ᠠ᠂ ᠬᠤᠯᠠᠩ᠂ ᠤᠢ ᠮᠤᠳᠤ ᠨᠠᠯᠠᠵᠦ ᠤᠨ᠋ᠬᠠᠰᠠᠨ ᠴᠤ ᠲᠡᠮᠦᠷ ᠵᠠᠮ ᠤᠨ | ᠪᠢᠳᠡᠭᠦᠮᠵᠢᠯᠡᠭᠰᠡᠨ ᠤᠷᠤᠨ ᠳᠤ ᠤᠷᠤᠵᠦ ᠲᠡᠶᠢᠯᠬᠦ ᠦᠬᠡᠢ ᠪᠠᠶᠢᠬᠤ ᠶᠢ ᠪᠠᠳᠤᠯᠠᠬᠤ ᠬᠡᠷᠡᠭᠳᠡᠢ᠃ ᠪᠢᠲᠡᠭᠦᠮᠵᠢᠯᠡᠭᠰᠡᠨ | ᠦᠭᠡᠢ ᠲᠡᠮᠦᠷ ᠵᠠᠮ ᠨᠢ ᠲᠡᠪᠢᠰᠦᠭᠰᠡᠨ ᠵᠠᠮ ᠤᠨ ᠲᠡᠯᠡᠩ ᠤᠨ ᠨᠠᠯᠠᠤ ᠶᠢᠨ ᠢᠷᠤᠭᠠᠷ᠂ ᠵᠠᠮ ᠤᠨ ᠰᠤᠪᠠᠭ ᠤᠨ | ᠨᠠᠯᠠᠤ ᠶᠢᠨ ᠣᠷᠣᠢ᠂ ᠲᠡᠮᠦᠷ ᠵᠠᠮ ᠤᠨ ᠬᠥᠭᠦᠷᠭᠡ ᠶᠢᠨ ᠭᠠᠳᠠᠷ ᠬᠠᠵᠠᠭᠤ ᠪᠠᠷ ᠵᠠᠭᠠᠭ ᠪᠤᠯᠭᠠᠬᠤ ᠬᠡᠷᠡᠭᠳᠡᠢ᠃ | ᠠᠷᠠᠩᠭ᠎ᠠ᠂ ᠬᠤᠯᠠᠩ᠂ ᠣᠢ ᠮᠤᠳᠤ ᠨᠢ ᠨᠠᠯᠠᠵᠦ ᠤᠨᠠᠭᠠᠳ ᠲᠡᠮᠦᠷ ᠵᠠᠮ ᠤᠨ ᠪᠡᠯᠡᠳᠬᠡᠮᠵᠢ ᠶᠢ ᠡᠪᠳᠡᠵᠦ | ᠰᠦᠢᠳᠬᠡᠭᠰᠡᠨ ᠪᠤᠶᠤ ᠲᠡᠮᠦᠷ ᠵᠠᠮ ᠤᠨ ᠠᠮᠤᠷ ᠲᠦᠪᠰᠢᠨ ᠤ ᠠᠳᠡᠯ ᠭᠠᠷᠭᠠᠭᠰᠠᠨ ᠪᠠᠶᠢᠪᠠᠯ᠂ ᠲᠡᠭᠦᠨ ᠤ ᠦᠮᠴᠢᠯᠡᠬᠦ | ᠡᠷᠬᠡᠲᠦ ᠬᠥᠮᠦᠨ ᠪᠤᠶᠤ ᠬᠠᠮᠢᠶᠠᠷᠤᠭᠴᠢ ᠨᠢ ᠬᠠᠤᠯᠢ ᠶᠣᠰᠣᠭᠠᠷ ᠲᠥᠯᠥᠪᠦᠷᠢ ᠥᠭᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠶᠠᠮᠠᠷᠪᠠ ᠨᠢᠭᠡᠴᠢ ᠪᠤᠶᠤ ᠬᠤᠪᠢ ᠬᠥᠮᠦᠨ ᠤ ᠬᠡᠷᠡᠭᠯᠡᠵᠦ ᠪᠠᠶᠢᠭ᠎ᠠ ᠷᠠᠳᠢᠣ᠋ | ᠬᠤᠯᠪᠣᠭᠠᠨ ᠤ ᠪᠡᠯᠡᠳᠬᠡᠮᠵᠢ ᠨᠢ ᠲᠡᠮᠦᠷ ᠵᠠᠮ ᠤᠨ ᠷᠠᠳᠢᠣ᠋ ᠬᠤᠯᠪᠣᠭᠠᠨ ᠤ ᠪᠡᠯᠡᠳᠬᠡᠮᠵᠢ ᠶᠢᠨ ᠬᠡᠪ ᠤᠨ ᠬᠡᠷᠡᠭᠯᠡᠯᠲᠡ ᠶᠢ | ᠬᠠᠷᠰᠢᠯᠠᠵᠤ ᠪᠣᠯᠬᠤ ᠦᠭᠡᠢ᠃ ᠲᠡᠮᠦᠷ ᠵᠠᠮ ᠤᠨ ᠷᠠᠳᠢᠣ᠋ ᠬᠤᠯᠪᠣᠭᠠᠨ ᠤ ᠪᠡᠯᠡᠳᠬᠡᠮᠵᠢ ᠶᠢᠨ ᠬᠡᠪ ᠤᠨ ᠬᠡᠷᠡᠭᠯᠡᠯᠲᠡ ᠶᠢ | ᠨᠥᠯᠥᠭᠡᠯᠡᠭᠰᠡᠨ ᠪᠠᠶᠢᠪᠠᠯ᠂ ᠬᠠᠮᠢᠶ᠎ᠠ ᠪᠦᠬᠦᠢ ᠨᠢᠬᠡᠴᠢ ᠪᠤᠶᠤ ᠬᠤᠪᠢ ᠬᠥᠮᠦᠨ ᠲᠡᠷᠡ ᠳᠠᠷᠤᠶ ᠳᠤ ᠨᠢ ᠴᠡᠭᠴᠡᠯᠡᠨ | ᠵᠠᠯᠠᠷᠠᠭᠤᠯᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠲᠡᠮᠦᠷ ᠵᠠᠮ ᠤᠨ ᠠᠶᠠᠨᠴᠢᠳ ᠨᠢ ᠲᠡᠮᠦᠷ ᠵᠠᠮ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠲᠣᠭᠲᠠᠭᠠᠯ ᠢ ᠵᠢᠷᠤᠮᠯᠠᠨ ᠰᠠᠬᠢᠵᠦ᠂ ᠠᠪᠴᠤ ᠶᠠᠪᠤᠭ᠎ᠠ ᠡᠳ᠋ ᠪᠣᠳᠠᠰ ᠵᠢᠴᠢ ᠭᠦᠮᠦᠨ ᠤ ᠪᠡᠶ᠎ᠡ ᠶᠢᠨ | ᠠᠮᠤᠷ ᠲᠦᠪᠰᠢᠨ ᠤ ᠪᠠᠶᠢᠴᠠᠭᠠᠯᠳᠠ᠂ ᠦᠨᠡᠨ ᠨᠡᠷ᠎ᠡ ᠶᠢᠨ ᠪᠠᠶᠢᠴᠠᠭᠠᠨ ᠲᠤᠳᠤᠯᠠᠯᠳᠠ ᠶᠢ ᠤᠬᠠᠮᠰᠠᠷ ᠠᠴᠠ ᠪᠠᠨ | ᠬᠦᠯᠢᠶᠡᠬᠦ ᠬᠡᠷᠡᠭᠲᠡᠶ᠃ ᠠᠮᠤᠷ ᠲᠦᠪᠰᠢᠨ ᠤ ᠪᠠᠶᠢᠴᠠᠭᠠᠯᠲᠠ ᠭᠦᠯᠢᠶᠡᠬᠦ ᠶᠢ ᠲᠡᠪᠴᠢᠵᠦ᠂ ᠬᠤᠪᠢ ᠬᠥᠮᠦᠨ ᠤ ᠬᠦᠴᠦᠨ | ᠪᠦᠬᠦᠢ ᠪᠡᠶ᠎ᠡ ᠶᠢᠨ ᠦᠨᠡᠮᠯᠡᠯ ᠪᠠ ᠲᠡᠷᠭᠡᠨ ᠪᠢᠯᠧᠲ ᠬᠠᠩᠭᠠᠬᠤ ᠦᠬᠡᠢ᠂ ᠡᠰᠡᠬᠦᠯ᠎ᠡ ᠪᠢᠯᠧᠲ᠂ ᠦᠨᠡᠮᠯᠡᠯ ᠪᠠ ᠬᠥᠮᠦᠨ | ᠭᠤᠷᠪᠠ ᠨᠢ ᠨᠢᠭᠡᠳᠦᠯ ᠦᠭᠡᠢ ᠪᠠᠶᠢᠪᠠᠯ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠠᠴᠠ ᠲᠡᠭᠦᠨ ᠤ | ᠥᠷᠲᠡᠭᠡᠨ ᠳᠤ ᠣᠷᠣᠵᠤ ᠲᠡᠷᠭᠡᠨ ᠳᠤ ᠰᠠᠭᠤᠬᠤ ᠶᠢ ᠨᠢ ᠲᠡᠪᠴᠢᠬᠦ ᠡᠷᠬᠡ ᠲᠠᠢ᠃ | ᠬᠤᠷᠢᠨ ᠵᠢᠷᠭᠤᠳᠤᠭᠠᠷ ᠵᠦᠢᠯ ᠠᠶᠠᠨᠴᠢᠳ ᠤᠨ ᠭᠠᠯᠲᠤ ᠲᠡᠷᠭᠡ ᠨᠢ ᠴᠠᠭ ᠠᠴᠠ ᠪᠠᠨ ᠬᠤᠵᠢᠨᠨᠳᠠᠬᠤ᠂ | ᠲᠤᠭᠤᠷᠢᠭᠤ ᠠᠶᠠᠯᠠᠬᠤ᠂ ᠲᠡᠭᠡᠭᠡᠪᠦᠷᠢᠯᠡᠬᠦ ᠪᠠᠨ ᠵᠣᠭᠰᠣᠬᠤ ᠪᠠᠶᠢᠳᠠᠯ ᠭᠠᠷᠪᠠᠯ᠂ ᠲᠡᠮᠦᠷ ᠵᠠᠮ ᠤᠨ ᠲᠡᠭᠡᠭᠡᠪᠦᠷᠢ ᠶᠢᠨ | ᠠᠵᠤ ᠠᠬᠤᠶᠢᠯᠠᠯ ᠨᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠠᠶᠠᠨᠴᠢᠳ ᠲᠤ ᠮᠡᠳᠡᠭᠡ ᠵᠠᠩᠭᠢ ᠶᠢ ᠴᠠᠭ | ᠲᠤᠬᠠᠶ ᠳᠤ ᠨᠢ ᠮᠡᠳᠡᠬᠡᠯᠡᠨ ᠨᠡᠪᠳᠡᠷᠡᠭᠦᠯᠬᠦ ᠬᠡᠷᠡᠭᠲᠡᠶ᠃ ᠠᠶᠠᠨᠴᠢᠳ ᠨᠢ ᠲᠡᠮᠦᠷ ᠵᠠᠮ ᠤᠨ ᠲᠡᠭᠡᠭᠡᠪᠦᠷᠢ ᠶᠢᠨ ᠠᠵᠤ | ᠠᠬᠤᠶᠢᠯᠠᠯ ᠲᠠᠢ ᠬᠠᠮᠵᠢᠯᠴᠠᠨ ᠲᠤᠬᠢᠷᠠᠭᠤᠯᠤᠨ ᠰᠶᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠷᠢᠨ ᠳᠣᠯᠣᠳᠤᠭᠠᠷ ᠵᠦᠢᠯ ᠲᠡᠮᠦᠷ ᠵᠠᠮ ᠤᠨ ᠲᠡᠭᠡᠭᠡᠪᠦᠷᠢ ᠶᠢᠨ ᠲᠦᠷᠭᠡᠨ ᠬᠦᠷᠭᠡᠬᠦ ᠵᠦᠢᠯ᠂ ᠠᠴᠢᠶ᠎ᠡ | ᠲᠡᠬᠡᠬᠡᠰᠢ᠂ ᠪᠤᠭᠤᠳᠠᠯ ᠪᠠᠭᠯᠠᠭ᠎ᠠ ᠶᠢ ᠦᠨᠡᠨ ᠨᠡᠷ᠎ᠡ ᠪᠠᠷ ᠲᠠᠩᠰᠠᠯᠠᠨ ᠲᠡᠮᠳᠡᠭᠯᠡᠬᠦ ᠪᠠ ᠲᠡᠳᠡᠬᠡᠷ ᠲᠤ ᠠᠮᠤᠷ | ᠲᠦᠪᠰᠢᠨ ᠤ ᠪᠠᠶᠢᠴᠠᠭᠠᠯᠲᠠ ᠬᠢᠬᠦ ᠬᠡᠷᠡᠭᠲᠡᠶ᠃ | ᠨᠠᠶᠢᠳᠠᠨ ᠲᠡᠭᠡᠭᠡᠪᠦᠷᠢᠯᠡᠭᠦᠯᠤᠭ᠍ᠴᠢ ᠨᠢ ᠲᠦᠷᠭᠡᠨ ᠬᠦᠷᠭᠡᠬᠦ ᠵᠦᠢᠯ᠂ ᠠᠴᠢᠶ᠎ᠡ ᠲᠡᠬᠡᠬᠡᠰᠢ᠂ ᠪᠤᠭᠤᠳᠠᠯ | ᠪᠠᠭᠯᠠᠭ᠎ᠠ ᠶᠢ ᠪᠠᠨ ᠨᠠᠶᠢᠳᠡᠨ ᠲᠡᠬᠡᠬᠡᠪᠦᠷᠢᠯᠡᠬᠦᠯᠬᠦ ᠦᠶ᠎ᠡ ᠳᠤ᠂ ᠡᠳ᠋ ᠪᠠᠷᠠᠭ᠎ᠠ ᠶᠢᠨ ᠨᠡᠷ᠎ᠡ᠂ ᠰᠢᠨᠵᠢ ᠴᠢᠨᠠᠷ᠂ | ᠬᠦᠨᠳᠦ ᠶᠢᠨ ᠬᠡᠮᠵᠢᠶ᠎ᠡ ᠶᠢ ᠨᠢᠭᠤᠨ ᠳᠠᠷᠤᠵᠤ ᠬᠤᠳᠠᠯ ᠢᠶᠠᠷ ᠮᠡᠳᠡᠬᠦᠯᠵᠦ ᠪᠣᠯᠬᠤ ᠦᠭᠡᠢ᠂ ᠠᠶᠤᠯ ᠲᠠᠢ ᠵᠦᠢᠯ᠂ | ᠲᠡᠭᠡᠭᠡᠪᠦᠷᠢ ᠶᠢᠨ ᠬᠤᠷᠢᠭᠠᠲᠠᠶ ᠵᠦᠢᠯ ᠢ ᠨᠢᠭᠤᠨ ᠲᠠᠯᠳᠠᠯᠠᠵᠦ ᠪᠣᠯᠬᠤ ᠦᠭᠡᠢ᠃ ᠵᠣᠷᠢᠭᠤᠳᠠ ᠡᠳ᠋ ᠪᠠᠷᠠᠭ᠎ᠠ ᠶᠢᠨ ᠨᠡᠷ᠎ᠡ᠂ | ᠰᠢᠨᠵᠢ ᠴᠢᠨᠠᠷ᠂ ᠬᠦᠨᠳᠦ ᠶᠢᠨ ᠬᠡᠮᠵᠢᠶ᠎ᠡ ᠶᠢ ᠬᠤᠳᠠᠯ ᠢᠶᠠᠷ ᠮᠡᠳᠡᠬᠦᠯᠬᠦ ᠪᠤᠶᠤ ᠠᠶᠤᠯ ᠲᠠᠢ ᠵᠦᠢᠯ᠂ ᠲᠡᠭᠡᠭᠡᠪᠦᠷᠢ ᠶᠢᠨ | ᠬᠤᠷᠢᠭᠠᠲᠠᠶ ᠵᠦᠢᠯ ᠢ ᠨᠢᠭᠤᠨ ᠲᠠᠯᠳᠠᠯᠬᠠᠰᠠᠨ ᠪᠠᠶᠢᠪᠠᠯ᠂ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ | ᠳᠠᠭᠠᠭᠠᠴᠢᠯᠠᠨ ᠲᠡᠭᠡᠭᠡᠪᠦᠷᠢᠯᠡᠬᠦ ᠶᠢ ᠲᠡᠪᠴᠢᠬᠦ ᠡᠷᠬᠡ ᠲᠠᠢ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠮᠡᠳᠡᠭᠦᠯᠵᠦ ᠬᠠᠤᠯᠢ ᠶᠣᠰᠣᠭᠠᠷ ᠰᠶᠢᠳᠪᠦᠷᠢᠯᠡᠬᠦᠯᠬᠦ ᠬᠡᠷᠡᠭᠳᠡᠢ᠃ | ᠬᠤᠷᠢᠨ ᠨᠠᠢᠮᠠᠳᠤᠭᠠᠷ ᠵᠦᠢᠯ ᠬᠥᠳᠡᠯᠭᠡᠭᠦᠷᠲᠦ ᠲᠡᠷᠬᠡᠨ ᠴᠤᠪᠤᠭ᠎ᠠ ᠶᠢᠨ ᠡᠯ᠎ᠡ ᠬᠡᠰᠡᠭ᠂ ᠡᠩ ᠤᠨ | ᠬᠤᠷᠳᠤᠴᠠᠲᠤ ᠠᠶᠠᠨᠴᠢᠳ ᠤᠨ ᠭᠠᠯᠳᠤ ᠲᠡᠷᠬᠡᠨ ᠤ ᠸᠠᠭᠤᠨ ᠪᠠ ᠠᠶᠠᠨᠴᠢᠳ ᠤᠨ ᠲᠡᠭᠡᠭᠡᠪᠦᠷᠢ ᠶᠢᠨ ᠲᠡᠷᠭᠡᠨ | ᠥᠷᠲᠡᠭᠡᠨ ᠤ ᠲᠡᠷᠭᠡ ᠬᠦᠯᠢᠶᠡᠬᠦ ᠲᠠᠰᠤᠭ᠂ ᠪᠢᠯᠧᠲ ᠬᠤᠳᠠᠯᠳᠤᠬᠤ ᠲᠢᠩᠬᠢᠮ᠂ ᠪᠢᠯᠧᠲ ᠠᠪᠬᠤ ᠲᠢᠩᠬᠢᠮ᠂ ᠠᠴᠢᠶ᠎ᠡ | ᠲᠡᠬᠡᠬᠡᠰᠢ ᠪᠤᠭᠤᠳᠠᠯ ᠪᠠᠭᠯᠠᠭ᠎ᠠ ᠬᠠᠳᠠᠭᠠᠯᠠᠬᠤ ᠬᠡᠷ ᠵᠢᠴᠢ ᠲᠡᠮᠦᠷ ᠵᠠᠮ ᠤᠨ ᠪᠠᠷᠠᠭᠠᠨ ᠤ ᠭᠦᠢᠯᠬᠡᠬᠡᠨ ᠤ ᠬᠦᠷᠢᠶᠡᠯᠡᠩ | ᠲᠣᠭᠤᠷᠢᠭ᠂ ᠠᠴᠢᠶ᠎ᠠ ᠲᠡᠬᠡᠬᠡᠪᠦᠷᠢ ᠶᠢᠨ ᠲᠠᠯᠠᠪᠠᠢ ᠦᠷᠳᠡᠭᠡ ᠵᠡᠷᠭᠡ ᠭᠦᠷᠢᠶ᠎ᠡ ᠬᠡᠪᠴᠢᠶ᠎ᠡ ᠪᠤᠯ ᠴᠦᠮ ᠲᠠᠮᠠᠬᠢ | ᠲᠠᠲᠠᠬᠤ ᠶᠢ ᠴᠠᠭᠠᠵᠠᠯᠠᠬᠤ ᠲᠠᠯᠠᠪᠤᠷ ᠭᠠᠵᠠᠷ ᠪᠣᠯᠤᠨ᠎ᠠ᠃ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠨᠢ | ᠲᠠᠮᠠᠬᠢ ᠲᠠᠲᠠᠬᠤ ᠶᠢ ᠴᠠᠭᠠᠵᠠᠯᠠᠬᠤ ᠲᠠᠯᠠᠪᠤᠷ ᠭᠠᠵᠠᠷ ᠲᠤ ᠤᠬᠠᠭᠤᠯᠭ᠎ᠠ ᠬᠢᠵᠦ᠂ ᠲᠠᠮᠠᠬᠢ ᠲᠠᠲᠠᠬᠤ ᠶᠢ ᠴᠠᠭᠠᠵᠠᠯᠠᠬᠤ | ᠲᠡᠮᠳᠡᠭ ᠲᠤᠬᠢᠷᠠᠭᠤᠯᠵᠦ᠂ ᠲᠠᠮᠠᠬᠢ ᠲᠠᠲᠠᠬᠤ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠬᠡᠷᠡᠭᠲᠡᠶ᠃ | ᠬᠤᠷᠢ ᠶᠢᠰᠦᠳᠦᠭᠡᠷ ᠵᠦᠢᠯ ᠲᠡᠮᠦᠷ ᠵᠠᠮ ᠤᠨ ᠠᠮᠤᠷ ᠲᠦᠪᠰᠢᠨ ᠳᠤ ᠬᠤᠤᠷ ᠭᠦᠨᠦᠬᠡᠯ ᠤᠴᠠᠷᠠᠭᠤᠯᠬᠤ | ᠲᠤᠤᠷᠠᠬᠢ ᠮᠡᠳᠦ ᠶᠢᠨ ᠦᠢᠯᠡ ᠠᠵᠢᠯᠯᠠᠭ᠎ᠠ ᠬᠡᠷᠡᠭᠵᠢᠬᠦᠯᠬᠦ ᠶᠢ ᠴᠠᠭᠠᠵᠠᠯᠠᠨ᠎ᠠ᠄ | ︵ᠨᠢᠭᠡ︶ ᠠᠯᠪᠠ ᠪᠠᠷ ᠥᠷᠲᠡᠭᠡᠨ ᠳᠤ ᠣᠷᠣᠵᠤ ᠲᠡᠷᠭᠡᠨ ᠳᠤ ᠰᠠᠭᠤᠬᠤ᠂ ᠪᠤᠰᠤᠳ ᠤᠨ ᠰᠠᠭᠤᠳᠠᠯ ᠢ | ᠬᠦᠴᠦᠷᠬᠡᠭᠯᠡᠨ ᠡᠵᠡᠯᠡᠬᠦ ᠪᠤᠶᠤ ᠬᠢᠮᠳᠠ ᠪᠢᠯᠧᠲ ᠢᠶᠠᠷ ᠦᠨᠡᠳᠡᠢ ᠪᠢᠯᠧᠲ ᠤᠨ ᠰᠠᠭᠤᠳᠠᠯ ᠳᠤ ᠰᠠᠭᠤᠬᠤ︔ | ︵ᠬᠤᠶᠠᠷ︶ ᠲᠡᠷᠭᠡᠨ ᠠᠴᠠ ᠪᠠᠭᠤᠵᠤ ᠥᠷᠲᠡᠭᠡᠨ ᠠᠴᠠ ᠭᠠᠷᠬᠤ ᠶᠢ ᠲᠡᠪᠴᠢᠬᠦ᠂ ᠲᠡᠷᠬᠡᠨ ᠦᠷᠳᠡᠭᠡ ᠭᠠᠯᠲᠤ | ᠲᠡᠷᠭᠡ ᠶᠢ ᠪᠦᠭᠯᠡᠵᠦ ᠬᠠᠰᠢᠬᠤ︔ | ︵ᠭᠤᠷᠪᠠ︶ ᠲᠡᠮᠦᠷ ᠵᠠᠮ ᠤᠨ ᠠᠵᠢᠯᠲᠠᠨ ᠠᠵᠢᠯᠴᠢᠨ ᠢ ᠴᠣᠬᠢᠵᠤ ᠬᠠᠷᠢᠶᠠᠬᠤ᠂ ᠲᠡᠮᠦᠷ ᠵᠠᠮ ᠤᠨ ᠠᠵᠢᠯᠲᠠᠨ | ᠠᠵᠢᠯᠴᠢᠨ ᠤ ᠬᠡᠪ ᠤᠨ ᠠᠵᠢᠯ ᠢ ᠬᠠᠷᠰᠢᠯᠠᠵᠦ ᠨᠦᠯᠦᠬᠡᠯᠡᠬᠦ︔ | ︵ᠲᠦᠷᠪᠡ︶ ᠲᠠᠮᠠᠬᠢ ᠲᠠᠲᠠᠬᠤ ᠶᠢ ᠴᠠᠭᠠᠵᠠᠯᠠᠬᠤ ᠲᠠᠯᠠᠪᠤᠷ ᠭᠠᠵᠠᠷ ᠲᠤ ᠲᠠᠮᠠᠬᠢ ᠲᠠᠲᠠᠬᠤ︔ | ︵ᠲᠠᠪᠤ︶ ᠳᠤᠷ᠎ᠠ ᠪᠠᠷ ᠢᠶᠠᠨ ᠲᠡᠮᠦᠷ ᠵᠠᠮ ᠢ ᠲᠠᠪᠠᠭᠤᠯᠵᠦ ᠭᠦᠨᠳᠡᠯᠢᠰᠬᠦ ᠪᠤᠶᠤ ᠲᠤᠤᠭᠤᠷ ᠨᠢ ᠨᠦᠬᠡᠯᠡᠵᠦ | ᠨᠡᠪᠲᠡᠯᠬᠦ︔ | ︵ᠵᠢᠷᠭᠤᠭ᠎ᠠ︶ ᠲᠤᠷ᠎ᠠ ᠪᠠᠷ ᠢᠶᠠᠨ ᠲᠡᠮᠦᠷ ᠵᠠᠮ ᠤᠨ ᠪᠢᠳᠡᠭᠦᠮᠵᠢᠯᠡᠭᠰᠡᠨ ᠤᠷᠤᠨ ᠪᠤᠶᠤ ᠲᠡᠮᠦᠷ ᠵᠠᠮ ᠤᠨ | ᠠᠵᠢᠯᠯᠠᠬᠤ ᠤᠷᠤᠨ ᠳᠤ ᠤᠷᠤᠬᠤ︔ | ︵ᠳᠣᠯᠤᠭ᠎ᠠ︶ ᠲᠡᠮᠦᠷ ᠵᠠᠮ ᠤᠨ ᠲᠦᠭᠦᠬᠡᠷᠦᠮᠵᠢ ᠪᠡᠯᠡᠳᠬᠡᠮᠵᠢ ᠪᠤᠶᠤ ᠲᠡᠮᠳᠡᠭ ᠢ ᠡᠪᠳᠡᠯᠡᠵᠦ ᠰᠦᠢᠳᠬᠡᠬᠦ︔ | ︵ᠨᠠᠢᠮᠠ︶ ᠲᠡᠮᠦᠷ ᠵᠠᠮ ᠤᠨ ᠮᠡᠳᠡᠭᠡ ᠵᠠᠩᠭᠢ ᠶᠢᠨ ᠲᠣᠤᠷ ᠰᠦᠯᠵᠢᠶᠡᠨ ᠤ ᠰᠢᠰᠲ᠋ᠧᠮ ᠳᠤ ᠲᠦᠷᠢᠨ ᠣᠷᠣᠬᠤ᠂ | ᠲᠠᠭᠠᠷᠢᠬᠤ᠂ ᠡᠪᠳᠡᠯᠡᠬᠦ᠂ ᠬᠠᠷᠰᠢᠯᠠᠵᠦ ᠨᠦᠯᠦᠬᠡᠯᠡᠬᠦ︔ | ︵ᠶᠢᠰᠦ︶ ᠲᠡᠮᠦᠷ ᠵᠠᠮ ᠤᠷᠤᠭᠤ ᠶᠠᠭᠤᠮ᠎ᠠ ᠰᠢᠳᠡᠬᠦ ᠪᠤᠶᠤ ᠭᠠᠯᠲᠤ ᠲᠡᠷᠭᠡᠨ ᠠᠴᠠ ᠭᠠᠳᠠᠭᠰᠢ ᠪᠠᠨ | ᠬᠠᠶᠠᠬᠤ︔ | ︵ᠠᠷᠪᠠ︶ ᠲᠡᠮᠦᠷ ᠵᠠᠮ ᠤᠨ ᠠᠮᠤᠷ ᠲᠦᠪᠰᠢᠨ ᠳᠤ ᠠᠰᠢᠭ ᠦᠭᠡᠢ ᠳᠠᠭᠤ ᠳᠦᠷᠰᠦ ᠰᠢᠩᠭᠡᠭᠡᠯᠲᠡ᠂ ᠬᠡᠷᠡᠯ | ᠵᠢᠷᠤᠭ ᠦᠰᠦᠭ ᠪᠢᠴᠢᠭ ᠤᠨ ᠮᠠᠲ᠋ᠧᠷᠢᠶᠠᠯ ᠨᠠᠶᠢᠷᠠᠭᠤᠯᠤᠨ ᠵᠣᠬᠢᠶᠠᠬᠤ᠂ ᠤᠯᠠᠮᠵᠢᠯᠠᠬᠤ᠂ ᠲᠠᠮᠵᠢᠭᠤᠯᠤᠨ | ᠲᠠᠷᠬᠠᠭᠠᠬᠤ᠃ | ᠭᠤᠴᠢᠳᠤᠭᠠᠷ ᠵᠦᠢᠯ ᠲᠤᠰ ᠲᠣᠭᠲᠠᠭᠠᠯ ᠤᠨ ᠨᠠᠢᠮᠠᠳᠤᠭᠠᠷ ᠵᠦᠢᠯ᠂ ᠠᠷᠪᠠᠳᠤᠭᠠᠷ ᠵᠦᠢᠯ᠂ ᠠᠷᠪᠠᠨ | ᠭᠤᠷᠪᠠᠳᠤᠭᠠᠷ ᠵᠦᠢᠯ᠂ ᠠᠷᠪᠠᠨ ᠲᠠᠪᠤᠳᠤᠭᠠᠷ ᠵᠦᠢᠯ᠂ ᠠᠷᠪᠠᠨ ᠳᠣᠯᠣᠳᠤᠭᠠᠷ ᠵᠦᠢᠯ᠂ ᠠᠷᠪᠠᠨ ᠨᠠᠢᠮᠠᠳᠤᠭᠠᠷ ᠵᠦᠢᠯ᠂ | ᠬᠤᠷᠢᠳᠤᠭᠠᠷ ᠵᠦᠢᠯ᠂ ᠬᠤᠷᠢᠨ ᠳᠥᠷᠪᠡᠳᠦᠭᠡᠷ ᠵᠦᠢᠯ᠂ ᠬᠤᠷᠢ ᠶᠢᠰᠦᠳᠦᠭᠡᠷ ᠵᠦᠢᠯ ᠢ ᠵᠥᠷᠢᠴᠡᠵᠦ ᠲᠡᠮᠦᠷ ᠵᠠᠮ ᠤᠨ | ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠷᠯᠢᠭᠳᠠᠨ | ᠵᠠᠯᠠᠷᠠᠭᠤᠯᠤᠭᠤᠯᠬᠤ ᠶᠢᠨ ᠬᠠᠮᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠤᠯᠭᠤᠬᠤ ᠬᠡᠷᠡᠭᠳᠡᠢ᠃ | ᠶᠠᠯ᠎ᠠ ᠳᠤ ᠭᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠬᠦ | ᠬᠡᠷᠡᠭᠳᠡᠢ᠃ | ᠭᠤᠴᠢᠨ ᠨᠢᠬᠡᠳᠦᠬᠡᠷ ᠵᠦᠢᠯ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠬᠤ ᠨᠢᠭᠡᠴᠢ | ᠵᠢᠴᠢ ᠠᠵᠢᠯᠳᠠᠨ ᠠᠵᠢᠯᠴᠢᠨ ᠨᠢ ᠠᠯᠪᠠᠨ ᠲᠤᠰᠢᠶᠠᠯ ᠳᠤ ᠪᠠᠨ ᠠᠯᠮᠠᠶᠢᠷᠠᠨ ᠤᠰᠤᠯᠳᠠᠵᠦ᠂ ᠡᠷᠬᠡ ᠲᠤᠰᠢᠶᠠᠯ ᠢᠶᠠᠨ | ᠲᠤᠷ᠎ᠠ ᠪᠠᠷ ᠬᠡᠷᠡᠭᠯᠡᠵᠦ᠂ ᠬᠤᠪᠢ ᠶᠢᠨ ᠨᠠᠶᠢᠷ ᠲᠠᠯ᠎ᠠ ᠬᠠᠷᠠᠵᠦ ᠬᠠᠤᠯᠢ ᠶᠤᠰᠤ ᠶᠢ ᠵᠦᠷᠢᠴᠡᠭᠰᠡᠨ ᠪᠠᠶᠢᠪᠠᠯ᠂ ᠰᠢᠭᠤᠳ | ᠬᠠᠷᠢᠭᠤᠴᠠᠵᠦ ᠪᠠᠶᠢᠭ᠎ᠠ ᠭᠤᠤᠯᠯᠠᠨ ᠬᠠᠮᠢᠶᠠᠷᠤᠨᠨᠴᠢ ᠪᠣᠯᠤᠨ ᠪᠤᠰᠤᠳ ᠰᠢᠭᠤᠳ ᠬᠠᠷᠢᠭᠤᠴᠠᠬᠤ ᠭᠦᠮᠦᠰ ᠲᠤ ᠬᠠᠤᠯᠢ | ᠶᠣᠰᠣᠭᠠᠷ ᠰᠢᠢᠳᠬᠡᠯ ᠤᠯᠭᠤᠨ᠎ᠠ︔ ᠶᠠᠯ᠎ᠠ ᠳᠤ ᠭᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠬᠤᠶᠠᠳᠤᠭᠠᠷ ᠵᠦᠢᠯ ᠲᠤᠰ ᠲᠣᠭᠲᠠᠭᠠᠯ ᠢ 2019 ᠣᠨ ᠤ 11 ᠳ᠋ᠤᠬᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | |