ᠬᠤᠸᠠᠩ ᡁᠢ ᠴᠢᠶᠠᠩ ᠬᠤᠯᠪᠤᠬᠳᠠᠯ ᠪᠦᠬᠦᠢ ᠮᠦᠡᠭᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠯᠤᠨ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠠᠨ ᠨᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠠᠷᠢᠯᠭᠠᠬᠤ ᠶᠢ ᠴᠢᠩᠭᠠᠳᠬᠠᠵᠤ ᠠᠵᠤ ᠠᠬᠤᠢ ᠨᠡᠶᠢᠭᠡᠮ ᠤᠨ ᠶᠡᠭᠡ ᠲᠠᠯ᠎ᠠ ᠳᠤ ᠦᠢᠯᠡᠴᠢᠯᠡᠵᠦ ᠮᠦᠡᠭᠭᠦᠨ ᠭᠦᠢᠯᠭᠡᠭᠡᠨ ᠤ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2020/1/8
     ᠤᠢᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠷᠢᠳ ᠬᠤᠵᠢᠳ ᠦᠪᠡᠷᠲᠡᠭᠡᠨ ᠵᠠᠰᠠᠬᠤ ᠤᠷᠤᠨ ᠤ ᠤᠷᠤᠨ ᠨᠤᠲᠤᠭ ᠤᠨ ᠮᠦᠡᠭᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠎ ᠶᠢᠨ ᠲᠤᠪᠴᠢᠶ᠎ᠠ᠂ ᠠᠷᠠᠳ ᠤᠨ ᠪᠠᠩᠭᠢ ᠶᠢᠨ ᠬᠦᠬᠡᠬᠤᠲᠠ ᠶᠢᠨ ᠭᠤᠤᠯ ᠰᠠᠯᠪᠤᠷᠢ ᠪᠠᠩᠭᠢ᠂ ᠦᠪᠦᠷ ᠮᠤᠩᠭᠤᠯ ᠤᠨ ᠪᠠᠩᠭᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠦᠪᠦᠷ ᠮᠤᠩᠭᠤᠯ ᠤᠨ ᠦᠨᠡᠲᠦ ᠲᠡᠮᠲᠡᠭᠲᠦ ᠎ ᠶᠢᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠦᠪᠤᠷ ᠮᠤᠩᠭᠤᠯ ᠤᠨ ᠪᠠᠩᠬᠢ ᠪᠤᠯᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠤᠭᠠᠲᠤ ᠬᠤᠷᠰᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃      ᠬᠤᠸᠠᠩ ᡁᠢ ᠴᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠲᠤᠯ ᠦᠭᠡᠢ ᠬᠦᠭᠵᠢᠬᠦᠯᠬᠦ︾ ᠤᠢᠢᠯᠠᠭᠠᠬᠳᠠᠬᠤᠨ ᠢ ᠦᠢᠯᠡᠳᠦᠯᠭᠡᠵᠢᠭᠦᠯᠵᠦ᠂ ᠪᠤᠳᠠᠲᠤ ᠴᠤᠬᠴᠠ ᠶᠢᠨ ᠠᠵᠤ ᠠᠬᠤᠢ ᠳᠤ ᠦᠢᠯᠡᠴᠢᠯᠡᠬᠦ᠂ ᠮᠦᠡᠭᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠮᠦᠡᠭᠭᠦᠨ ᠭᠦᠢᠯᠭᠡᠭᠡᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠷᠪᠠᠨ ᠶᠡᠭᠡ ᠡᠭᠦᠷᠭᠡ ᠶᠢ ᠨᠢᠭᠡᠲᠦᠯᠲᠡᠢ ᠲᠦᠯᠦᠪᠵᠢᠭᠦᠯᠵᠦ᠂ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠤᠯ ᠴᠤᠬᠴᠠ ᠶᠢᠨ ᠬᠠᠷᠢᠭᠤᠴᠠᠯᠭ᠎ᠠ᠂ ᠤᠷᠤᠨ ᠨᠤᠲᠤᠭ ᠤᠨ ᠵᠠᠰᠠᠭ ᠤᠨ ᠤᠷᠳᠤᠨ ᠤ ᠬᠠᠷᠢᠶ᠎ᠠ ᠤᠷᠤᠨ ᠤ ᠬᠠᠷᠢᠭᠤᠴᠠᠯᠭ᠎ᠠ ᠪᠤᠯᠤᠨ ᠮᠦᠡᠭᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠤᠳᠠᠲᠠᠶᠢᠵᠢᠭᠤᠯᠵᠤ᠂ ᠮᠦᠡᠭᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠬᠡᠷᠡᠭᠲᠡᠢ᠃ ᠮᠦᠡᠭᠭᠦᠨ ᠭᠦᠢᠯᠭᠡᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠤᠯᠠᠮ ᠴᠢᠨᠠᠬᠰᠢᠲᠠ ᠴᠢᠩᠭᠠᠳᠬᠠᠵᠤ᠂ ᠭᠤᠤᠯ ᠠᠵᠢᠯ ᠲᠦᠷᠦᠯ ᠳᠤ ᠰᠠᠭᠤᠷᠢᠯᠠᠨ᠂ ᠲᠤᠰ ᠭᠠᠵᠠᠷ ᠤᠷᠤᠨ ᠳᠤ ᠦᠢᠯᠡᠴᠢᠯᠡᠵᠦ᠂ ᠦᠪᠡᠷᠲᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠢᠯ ᠤᠨ ᠲᠤᠭᠤᠷᠢᠨ ᠳᠤ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠳᠠᠪᠠᠭᠤᠯᠢᠭ ᠤᠨᠴᠠᠯᠢᠬᠲᠤ ᠠᠵᠤ ᠦᠢᠯᠡᠰ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ᠂ ᠳᠤᠮᠳᠠ ᠪᠠᠭ᠎ᠠ ᠠᠵᠤ ᠠᠬᠤᠢᠢᠯᠠᠯ ᠤᠨ ᠬᠦᠭᠵᠢᠯᠲᠡ ᠵᠡᠷᠭᠡ ᠬᠦᠷᠢᠶᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠪᠤᠳᠠᠲᠤ ᠴᠤᠬᠴᠠ ᠶᠢᠨ ᠠᠵᠤ ᠠᠬᠤᠢ ᠳᠤ ᠦᠢᠯᠡᠴᠢᠯᠡᠬᠦ ᠮᠦᠡᠭᠭᠦᠨ ᠭᠦᠢᠯᠭᠡᠭᠡᠨ ᠤ ᠴᠢᠳᠠᠮᠵᠢ ᠶᠢ ᠴᠢᠩᠭᠠᠳᠬᠠᠬᠤ ᠬᠡᠷᠡᠭᠲᠡᠢ︔ ᠭᠤᠤᠯᠳᠠᠯᠭ᠎ᠠ ᠶᠢ ᠳᠤᠪᠤᠶᠢᠯᠭᠠᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠦᠡᠭᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠠᠶᠤᠯ ᠲᠦᠭᠰᠢᠭᠦᠷᠢ ᠦᠨᠳᠦᠷ ᠪᠠᠶᠢᠳᠠᠭ ᠪᠠᠶᠢᠭᠤᠯᠤᠮᠵᠢ ᠪᠤᠯᠤᠨ ᠪᠤᠴᠠᠭᠠᠯ ᠦᠭᠡᠢ ᠵᠢᠭᠡᠯᠡᠯᠭᠡ ᠶᠢ ᠰᠢᠢᠳᠪᠦᠷᠢᠯᠡᠬᠦ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠰᠢᠰᠲ᠋ᠧᠮᠳᠣ ᠴᠢᠨᠠᠷᠲᠠᠢ ᠮᠦᠡᠭᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠷᠢᠰ ᠬᠡᠷᠡᠭ ᠠᠴᠠ ᠰᠤᠷᠭᠠᠮᠵᠢ ᠠᠪᠴᠤ᠂ ᠬᠡᠷᠡᠭ ᠢᠶᠠᠷ ᠦᠭᠡᠷᠡᠴᠢᠯᠡᠯᠲᠡ ᠶᠢ ᠠᠬᠢᠭᠤᠯᠬᠤ ᠶᠢ ᠴᠢᠩᠭᠠᠳᠬᠠᠬᠤ ᠬᠡᠷᠡᠭᠲᠡᠢ︔ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠤᠷᠢᠲᠠᠨ ᠢ ᠬᠦᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢ ᠮᠡᠬᠦᠰᠳᠡᠬᠦ ᠠᠰᠠᠭᠤᠳᠠᠯ ᠢ ᠰᠢᠢᠳᠪᠦᠷᠢᠯᠡᠵᠦ᠂ ᠺᠤᠮᠫᠠᠨᠢ ᠎ ᠶᠢᠨ ᠵᠠᠰᠠᠯᠲᠠ ᠪᠤᠯᠤᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠮᠦᠡᠭᠭᠦᠨ ᠭᠦᠢᠯᠭᠡᠭᠡᠨ ᠤ ᠦᠨᠳᠦᠷ ᠲᠦᠪᠰᠢᠨ ᠪᠦᠬᠦᠢ ᠦᠢᠯᠡᠴᠢᠯᠡᠭᠡ ᠪᠠᠷ ᠪᠤᠳᠠᠲᠤ ᠴᠤᠬᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号