ᠧᠤ ᠶᠠᠩ ᠰᠢᠶᠣᠤ ᠬᠤᠢ᠂ ᠨ᠊·ᠪᠤᠯᠤᠷᠮ᠎ᠠ ᠨᠠᠷ ᠬᠤᠶᠠᠳᠣᠭᠠᠷ ᠬᠤᠭᠤᠴᠠᠭᠠᠨ ᠳᠤ ᠨᠢᠭᠡᠨᠲᠡ ᠠᠪᠤᠷᠠᠨ ᠲᠤᠰᠠᠯᠠᠭᠰᠠᠨ ᠮᠣᠩᠭᠤᠯ ᠤᠯᠤᠰ ᠤᠨ ᠲᠦᠷᠣᠯᠬᠢ ᠶᠢᠨ ᠵᠢᠷᠣᠬᠡᠨ ᠡᠪᠡᠳᠴᠢᠨ ᠲᠠᠢ ᠬᠡᠦᠬᠡᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2020/1/9
     ᠣᠶᠢᠷ᠎ᠠ ᠳᠤ᠂ ᠤᠯᠠᠭᠠᠨ ᠵᠠᠭᠠᠯᠮᠠᠶᠢᠳᠠᠨ ᠤ ︽ᠲᠠᠭᠢᠨᠢ ᠶᠢᠨ ᠠᠶᠠᠯᠠᠯ — ︿ᠨᠢᠭᠡ ᠪᠦᠰᠡ ᠨᠢᠭᠡ ᠵᠠᠮ﹀᠎ ᠤᠨ ᠮᠣᠩᠭᠤᠯ ᠤᠯᠤᠰ ᠤᠨ ᠲᠦᠷᠣᠯᠬᠢ ᠶᠢᠨ ᠵᠢᠷᠣᠬᠡᠨ ᠡᠪᠡᠳᠴᠢᠨ ᠲᠠᠢ ᠬᠡᠦᠬᠡᠳ ᠢ ᠬᠥᠮᠦᠯᠢᠭ ᠦᠵᠡᠯ ᠤᠨ ᠠᠪᠤᠷᠠᠨ ᠲᠤᠰᠠᠯᠠᠬᠤ ᠲᠥᠯᠥᠪᠯᠡᠭᠡ︾᠎ ᠶᠢᠨ ᠬᠤᠶᠠᠳᠤᠭᠠᠷ ᠬᠤᠭᠤᠴᠠᠭᠠᠨ ᠤ ᠠᠵᠢᠯᠯᠠᠭ᠎ᠠ ᠶᠢᠨ ᠲᠦᠷᠦᠭᠦᠦ ᠪᠦᠯᠦᠭ ᠮᠣᠩᠭᠤᠯ ᠤᠯᠤᠰ ᠤᠨ ᠲᠦᠷᠣᠯᠬᠢ ᠶᠢᠨ ᠵᠢᠷᠣᠬᠡᠨ ᠡᠪᠡᠳᠴᠢᠨ ᠲᠠᠢ 13 ᠬᠡᠦᠬᠡᠳ ᠢ ᠥᠪᠥᠷ ᠮᠣᠩᠭᠤᠯ ᠤᠨ ᠠᠷᠠᠳ ᠤᠨ ᠡᠮᠨᠡᠯᠭᠡ ᠶᠢᠨ ᠬᠤᠷᠢᠶᠠᠨ ᠳᠤ ᠮᠡᠰᠡ ᠵᠠᠰᠠᠯ ᠬᠢᠯᠭᠡᠭᠰᠡᠨ ᠪᠠᠶᠢᠨ᠎ᠠ᠃      1 ᠳ᠋ᠦ᠋ᠭᠡᠷ ᠰᠠᠷ᠎ᠠ ᠶᠢᠨ 6᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ ᠡᠸᠤ ᠶᠠᠩ ᠰᠢᠶᠣᠤ ᠬᠤᠢ᠂ ᠮᠣᠩᠭᠤᠯ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠶᠡᠷᠦᠩᠬᠡᠶ ᠨᠠᠷᠢᠨ ᠪᠢᠴᠢᠭ ᠤᠨ ᠳᠠᠷᠤᠭ᠎ᠠ ᠨ᠊ · ᠪᠤᠯᠤᠷᠮ᠎ᠠ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠎ ᠤᠨ ᠳᠠᠷᠤᠭ᠎ᠠ ᠭᠦᠸᠧ ᠴᠠᠩ ᠵᠢᠶᠠᠩ ᠮᠡᠰᠡ ᠵᠠᠰᠠᠯ ᠬᠢᠯᠭᠡᠭᠰᠡᠨ ᠬᠡᠦᠬᠡᠳ ᠢ ᠪᠣᠯᠭᠤᠭᠠᠨ ᠲᠣᠬᠤᠨᠢᠭᠤᠯᠪᠠ᠃      ︽ᠲᠠᠭᠢᠨᠢ ᠶᠢᠨ ᠠᠶᠠᠯᠠᠯ — ︿ᠨᠢᠭᠡ ᠪᠦᠰᠡ ᠨᠢᠭᠡ ᠵᠠᠮ﹀᠎ ᠤᠨ ᠬᠦᠨᠳᠦ ᠡᠪᠡᠳᠴᠢᠨ ᠲᠠᠢ ᠬᠡᠦᠬᠡᠳ ᠢ ᠬᠥᠮᠦᠯᠢᠭ ᠦᠵᠡᠯ ᠤᠨ ᠠᠪᠤᠷᠠᠨ ᠲᠤᠰᠠᠯᠠᠬᠤ ᠲᠥᠯᠥᠪᠯᠡᠭᠡ︾ ᠪᠣᠯ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠎ ᠤ ᠨᠡᠶᠢᠭᠡᠮᠯᠢᠭ ᠤᠨ ︽ᠨᠢᠭᠡ ᠪᠦᠰᠡ ᠨᠢᠭᠡ ᠵᠠᠮ︾᠎ ᠢ ᠪᠣᠳᠠᠳᠠᠶᠢᠵᠢᠭᠤᠯᠬᠤ ᠪᠠᠷ ᠰᠠᠨᠠᠭᠠᠴᠢᠯᠠᠵᠤ ᠵᠣᠬᠢᠶᠠᠨ ᠪᠠᠶᠢᠭᠤᠯᠣᠭᠰᠠᠨ ᠲᠦᠷᠣᠯᠬᠢ ᠶᠢᠨ ᠵᠢᠷᠣᠬᠡᠨ ᠡᠪᠡᠳᠴᠢᠨ ᠲᠠᠢ ᠬᠡᠦᠬᠡᠳ ᠢ ᠰᠢᠭᠰᠢᠨ ᠪᠠᠶᠢᠴᠠᠭᠠᠵᠤ ᠠᠪᠤᠷᠠᠨ ᠲᠤᠰᠠᠯᠠᠬᠤ ᠲᠥᠷᠥᠯ ᠵᠦᠶᠯ ᠪᠣᠯᠤᠨ᠎ᠠ᠃ 2017 ᠣᠨ ᠤ 8 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠰᠠᠭᠤᠷᠢ ᠮᠥᠩᠭᠦᠨ ᠤ ᠨᠡᠶᠢᠭᠡᠮᠯᠢᠭ ᠲᠠᠢ ᠬᠠᠮᠲᠤᠷᠠᠨ ᠮᠣᠩᠭᠤᠯ ᠤᠯᠤᠰ ᠤᠨ ᠲᠦᠷᠣᠯᠬᠢ ᠶᠢᠨ ᠵᠢᠷᠣᠬᠡᠨ ᠡᠪᠡᠳᠴᠢᠨ ᠲᠠᠢ ᠬᠡᠦᠬᠡᠳ ᠢ ᠠᠪᠤᠷᠠᠨ ᠲᠤᠰᠠᠯᠠᠬᠤ ᠲᠥᠷᠥᠯ ᠵᠦᠶᠯ ᠢ ᠡᠬᠢᠯᠡᠭᠦᠯᠵᠦ᠂ ᠨᠡᠶᠢᠲᠡ 100 ᠬᠡᠦᠬᠡᠳ ᠲᠤ ᠰᠦᠶᠳᠬᠡᠯ ᠬᠤᠷᠢᠶᠠᠬᠤ ᠦᠭᠡᠢ ᠪᠠᠷ ᠮᠡᠰᠡ ᠵᠠᠰᠠᠯ ᠬᠢᠵᠦ ᠥᠭᠴᠡᠶ᠃      2019 ᠣᠨ ᠤ 6 ᠳ᠋ᠤᠭᠠᠷ ᠰᠠᠷ᠎ᠠ ᠳᠤ᠂ ︽ᠲᠠᠭᠢᠨᠢ ᠶᠢᠨ ᠠᠶᠠᠯᠠᠯ — ︿ᠨᠢᠭᠡ ᠪᠦᠰᠡ ᠨᠢᠭᠡ ᠵᠠᠮ﹀᠎ ᠤᠨ ᠮᠣᠩᠭᠤᠯ ᠤᠯᠤᠰ ᠤᠨ ᠲᠦᠷᠣᠯᠬᠢ ᠶᠢᠨ ᠵᠢᠷᠣᠬᠡᠨ ᠡᠪᠡᠳᠴᠢᠨ ᠲᠠᠢ ᠬᠡᠦᠬᠡᠳ ᠢ ᠬᠥᠮᠦᠯᠢᠭ ᠦᠵᠡᠯ ᠤᠨ ᠠᠪᠤᠷᠠᠨ ᠲᠤᠰᠠᠯᠠᠬᠤ ᠲᠥᠯᠥᠪᠯᠡᠭᠡ︾᠎ ᠤᠨ ᠬᠤᠶᠠᠳᠤᠭᠠᠷ ᠬᠤᠭᠤᠴᠠᠭᠠᠨ ᠤ ᠠᠵᠢᠯᠯᠠᠭ᠎ᠠ ᠡᠬᠢᠯᠡᠵᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠰᠠᠭᠤᠷᠢ ᠮᠥᠩᠭᠦᠨ ᠤ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠣᠯᠤᠨ ᠮᠣᠩᠭᠤᠯ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠬᠠᠮᠳᠣ ᠪᠠᠷ ᠪᠡᠯᠡ ᠮᠥᠩᠭᠦ ᠴᠤᠭᠯᠠᠭᠤᠯᠵᠤ᠂ ᠮᠣᠩᠭᠤᠯ ᠤᠯᠤᠰ ᠤᠨ ᠲᠦᠷᠣᠯᠬᠢ ᠶᠢᠨ ᠵᠢᠷᠣᠬᠡᠨ ᠡᠪᠡᠳᠴᠢᠨ ᠲᠠᠢ 100 ᠬᠡᠦᠬᠡᠳ ᠎ ᠲᠤ ᠰᠦᠶᠳᠬᠡᠯ ᠬᠤᠷᠢᠶᠠᠬᠤ ᠦᠭᠡᠢ ᠪᠠᠷ ᠮᠡᠰᠡ ᠵᠠᠰᠠᠯ ᠬᠢᠬᠦ ᠪᠠᠷ ᠲᠦᠯᠦᠪᠯᠡᠵᠡᠢ᠃ ᠣᠳᠣᠬᠠᠨ ᠪᠣᠯᠲᠠᠯ᠎ᠠ᠂ ᠮᠡᠰᠡ ᠵᠠᠰᠠᠯ ᠬᠢᠯᠭᠡᠭᠰᠡᠨ 13 ᠬᠡᠦᠬᠡᠳ ᠤᠨ ᠵᠠᠰᠠᠯ ᠤᠨ ᠳᠠᠷᠠᠭᠠᠬᠢ ᠪᠠᠶᠢᠳᠠᠯ ᠨᠡᠯᠢᠶᠡᠳ ᠰᠠᠶᠢᠨ ᠪᠠᠶᠢᠵᠤ᠂ ᠤᠶᠢᠷ᠎ᠠ ᠳᠤ ᠡᠮᠨᠡᠯᠭᠡ ᠠᠴᠠ ᠭᠠᠷᠴᠤ ᠤᠯᠤᠰ ᠲᠤ ᠪᠠᠨ ᠪᠤᠴᠠᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号