ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠪᠢᠶᠠᠷᠢ ᠬᠤᠷᠠᠯ ᠤᠨ ᠲᠠᠯᠠᠪᠠᠢ ᠳᠤ ᠶᠡᠷᠦᠩᠬᠡᠶ ᠱᠦᠵᠢ ᠰᠢ ᠶᠢᠨ ᠫᠢᠩ ᠤᠨ ︽ᠤᠬ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠨᠤᠰᠤᠨ ᠰᠤᠷᠤᠯᠴᠠᠪᠠ  ᠱᠢ ᠲᠠᠢ ᠹᠧᠩ ᠪᠦ᠋ ᠰᠢᠶᠣᠤ ᠯᠢᠨ ᠯᠢ ᠰᠢᠤ ᠯᠢᠩ ᠣᠷᠣᠯᠴᠠᠵᠠᠢ
ᠨᠡᠶᠢᠲᠡᠯᠡᠭᠰᠡᠨ ᠴᠠᠭ᠄
2020/1/9
     1 ᠰᠠᠷ᠎ᠠ ᠶᠢᠨ 8᠎ ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠶᠡᠭᠡ ᠬᠤᠷᠠᠯ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠣᠨᠣᠰᠴᠤ ᠰᠤᠷᠤᠯᠴᠠᠪᠠ᠃ ᠳ᠋ᠦᠩᠨᠡᠯᠲᠡ ᠶᠢᠨ ᠶᠡᠭᠡ ᠬᠤᠷᠠᠯ ᠲᠡᠭᠦᠰᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠬᠤᠪᠢᠶᠠᠷᠢ ᠬᠤᠷᠠᠯ ᠤᠨ ᠲᠠᠯᠠᠪᠠᠢ ᠳᠤ᠂ ᠪᠦᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠᠷ ᠬᠦᠴᠦᠯᠡᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠬᠦᠴᠦᠷᠬᠡᠭ ᠪᠤᠯᠭᠠᠨ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠣᠷᠢᠳᠣ ᠢᠯᠠᠯᠲᠠ ᠶᠢ ᠣᠯᠬᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ ᠳᠤ ᠪᠠᠳᠤ ᠴᠢᠩᠭ᠎ᠠ ᠬᠦᠴᠦᠳᠠᠢ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠳ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠰᠢᠭᠦᠬᠦ ᠬᠤᠷᠢᠶᠠᠨ ᠤ ᠳᠠᠷᠤᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃      ᠱᠢ ᠲᠠᠢ ᠹᠧᠩ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠭᠤᠤᠯ ᠰᠡᠳᠦᠪᠲᠦ ᠬᠥᠮᠦᠵᠢᠯ ᠤᠨ ᠣᠯᠤᠭᠰᠠᠨ ᠭᠤᠤᠯ ᠪᠤᠯᠬᠤ ᠦᠷ᠎ᠡ ᠪᠦᠲᠦᠮᠵᠢ ᠶᠢ ᠬᠦᠢᠴᠡᠳ ᠨᠤᠲᠠᠯᠠᠵᠤ᠂ ᠭᠤᠤᠯ ᠰᠡᠳᠦᠪᠲᠦ ᠬᠥᠮᠦᠵᠢᠯ ᠤᠨ ᠠᠮᠵᠢᠯᠳᠠ ᠤᠯᠤᠭᠰᠠᠨ ᠲᠤᠷᠰᠢᠯᠭ᠎ᠠ ᠶᠢ ᠭᠦᠨᠵᠡᠭᠡᠶ ᠳ᠋ᠦᠩᠨᠡᠵᠠᠢ᠂ ᠡᠨᠡ ᠨᠢ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠪᠦᠬᠦ ᠨᠠᠮ ᠤᠨ ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠠᠬᠢᠭᠤᠯᠤᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶᠢᠷᠡᠭᠦᠯᠦᠨ ᠠᠬᠢᠭᠤᠯᠬᠤ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠦᠷᠦ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ ᠪᠣᠯᠤᠨ ᠵᠢᠯᠣᠭᠤᠳᠬᠤ ᠴᠢᠨᠠᠷ ᠲᠠᠢ ᠪᠠᠶᠢᠭ᠎ᠠ ᠶᠤᠮ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠵᠤᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠣᠶᠢᠯᠠᠭᠠᠵᠤ᠂ ᠭᠤᠤᠯ ᠠᠭᠤᠯᠭ᠎ᠠ ᠤᠳᠬ᠎ᠠ ᠰᠠᠨᠠᠭ᠎ᠠ ᠶᠢ ᠣᠨᠣᠪᠴᠢᠲᠠᠶ ᠡᠵᠡᠮᠳᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ ᠬᠡᠵᠥ ᠵᠢᠭᠠᠵᠥ ᠭᠠᠷᠭᠠᠪᠠ᠃      ᠱᠢ ᠲᠠᠢ ᠹᠧᠩ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠶ ᠱᠦᠵᠢ ᠰᠢ ᠶᠢᠨ ᠫᠢᠩ ᠎ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠣᠷᠢᠳᠣ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠤᠭ ᠰᠠᠨᠠᠭ᠎ᠠ ᠪᠠᠨ ᠦᠯᠦ ᠮᠠᠷᠲᠠᠵᠥ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠮᠥᠩᠬᠡ ᠶᠢᠨ ᠰᠡᠳᠦᠪ ᠪᠣᠯᠤᠨ ᠪᠦᠬᠦ ᠨᠠᠮ ᠤᠨ ᠭᠡᠰᠢᠭᠦᠨ᠂ ᠺᠠᠳ᠋ᠷ ᠤᠨ ᠨᠠᠰᠤᠨ ᠲᠤᠷᠰᠢᠳᠠ ᠶᠢᠨ ᠰᠡᠳᠦᠪ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ︽ᠣᠳᠣᠬᠠᠨ ᠳᠤ ᠰᠠᠶᠢᠵᠢᠷᠠᠭᠤᠯᠬᠤ︾ ᠪᠣᠯᠤᠨ ︽ᠤᠷᠲᠤ ᠬᠤᠭᠤᠴᠠᠭ᠎ᠠ ᠪᠠᠷ ᠪᠠᠶᠢᠭᠤᠯᠬᠤ︾᠎ ᠶᠢ ᠤᠶᠠᠯᠳᠤᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠴᠢᠷᠮᠠᠶᠢᠨ ᠪᠦᠷᠢᠯᠳᠦᠭᠦᠯᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠨᠠᠮ ᠤᠨ ᠭᠡᠰᠢᠭᠦᠨ ᠺᠠᠳ᠋ᠷ ᠤᠨ ᠤᠭ ᠰᠠᠨᠠᠭ᠎ᠠ ᠪᠠᠨ ᠦᠨᠢᠳᠡ ᠬᠠᠳᠠᠭᠠᠯᠠᠵᠥ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠬᠦ ᠶᠢ ᠵᠣᠷᠢᠭᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠱᠢ ᠲᠠᠢ ᠹᠧᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠶᠤᠮ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠪᠣᠯᠤᠨ ᠠᠮᠵᠢᠯᠳᠡ ᠲᠠᠢ ᠲᠤᠷᠰᠢᠯᠭ᠎ᠠ ᠶᠢ ᠬᠦᠢᠴᠡᠳ ᠠᠰᠢᠬᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠥ᠂ ᠬᠠᠷᠢᠭᠤᠴᠠᠯᠭ᠎ᠠ ᠶᠢ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠶ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠡᠯ᠎ᠡ ᠲᠥᠷᠥᠯ ᠤᠨ ᠲᠤᠰᠬᠠᠶ ᠴᠡᠭᠴᠡᠯᠡᠨ ᠵᠠᠰᠠᠯᠲᠠ ᠶᠢ ᠴᠥᠬᠦᠷᠡᠰᠢ ᠦᠭᠡᠢ ᠭᠦᠨᠵᠡᠭᠡᠶᠢᠷᠡᠭᠦᠯᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ︽ᠳᠥᠷᠪᠡᠨ ᠰᠤᠷᠲᠠᠯ︾᠎ ᠤᠨ ᠬᠡᠮ ᠠᠷᠬᠠᠭ ᠢ ᠵᠠᠰᠠᠨ ᠵᠠᠯᠠᠷᠠᠭᠤᠯᠬᠤ᠂ ︽ᠳᠦᠷᠪᠡᠨ ᠨᠣᠶᠠᠨ︾᠎ ᠤ ᠠᠰᠠᠭᠤᠳᠠᠯ ᠢ ᠴᠡᠭᠴᠡᠯᠡᠨ ᠵᠠᠰᠠᠬᠤ᠂ ᠢᠯᠵᠠᠷᠠᠯ ᠤᠨ ᠬᠤᠤᠷᠲᠤ ᠬᠠᠪᠤᠳᠠᠷ ᠢ ᠠᠷᠢᠯᠭᠠᠬᠤ ᠵᠡᠷᠭᠡ ᠲᠠᠯ᠎ᠠ ᠶᠢᠨ ᠠᠵᠢᠯ ᠢ ᠨᠠᠩ ᠴᠢᠭᠯᠡᠭᠦᠯᠦᠯᠲᠦ ᠴᠢᠨᠠᠷᠲᠠᠶ ᠪᠠᠷ ᠰᠠᠶᠢᠲᠤᠷ ᠬᠢᠬᠦ ᠶᠢ ᠵᠤᠷᠢᠬᠵᠢᠭᠤᠯᠵᠥ᠂ ᠨᠠᠮ ᠤᠨ ᠦᠵᠡᠯ ᠰᠠᠨᠠᠭ᠎ᠠ᠂ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠰᠤᠷᠲᠠᠯ᠂ ᠨᠠᠮ ᠤᠨ ᠪᠡᠶ᠎ᠡ ᠴᠣᠭᠴᠠ ᠶᠢ ᠲᠠᠰᠤᠷᠠᠯᠲᠠ ᠦᠭᠡᠢ ᠴᠡᠪᠡᠷᠰᠢᠭᠦᠯᠵᠦ᠂ ᠰᠤᠷᠳᠠᠯ ᠴᠢᠬᠡᠴᠢ ᠤᠪᠤᠷ ᠲᠦᠪ ᠤᠯᠤᠰ ᠲᠥᠷᠦ ᠶᠢᠨ ᠠᠮᠢ ᠠᠬᠤᠶ ᠶᠢ ᠪᠤᠢ ᠪᠤᠯᠭᠠᠬᠤ ᠬᠡᠷᠡᠭᠲᠡᠶ ᠬᠡᠵᠥ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号