ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/1
     9 ᠰᠠᠷ᠎ᠠ ᠶᠢᠨ 30᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠬᠯᠠᠨ ᠲᠣᠭᠲᠠᠭᠠᠬᠤ ᠲᠥᠰᠦᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠲᠤᠷᠠᠨ ᠠᠵᠢᠯᠯᠠᠬᠤ ᠰᠢᠯᠵᠢᠭᠦᠯᠦᠨ ᠥᠭᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2020 —2022 ᠣᠨ︶︾ ᠵᠡᠷᠭᠡ  ᠵᠦᠢᠯ ᠢ ᠰᠤᠳᠤᠯᠪᠠ᠃      ᠬᠤᠷᠠᠯ ᠠᠴᠠ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠪᠣᠯ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠡᠷᠡᠭᠵᠢᠭᠦᠯᠬᠦ ᠬᠤᠷᠢᠭ᠎ᠠ ᠱᠤᠭᠤᠮ ᠪᠠ ᠠᠮᠢ ᠨᠠᠰᠤᠨ ᠤ ᠱᠤᠭᠤᠮ ᠮᠥᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠴᠣᠭᠴᠠᠯᠠᠬᠤ ᠴᠢᠬᠤᠯᠠ ᠪᠠᠲᠤᠯᠠᠭ᠎ᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠰᠢᠨ᠎ᠡ ᠬᠥᠭᠵᠢᠯᠲᠡ ᠶᠢᠨ ᠣᠢᠢᠯᠠᠭᠠᠬᠳᠠᠬᠤᠨ ᠢ ᠤᠯᠠᠮ ᠨᠢᠭᠡ ᠠᠯᠬᠤᠮ ᠪᠠᠲᠤ ᠪᠤᠢ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠲᠠᠭᠤ ᠬᠢᠵᠠᠭᠠᠷᠯᠠᠯ ᠢ ᠴᠢᠩᠭᠠᠷᠠᠭᠤᠯᠵᠥ᠂ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠦᠨᠡᠨ ᠬᠦ ᠵᠠᠮᠨᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠳᠤᠷᠠᠨ ᠠᠵᠢᠯᠯᠠᠬᠤ ᠰᠢᠯᠵᠢᠭᠦᠯᠦᠨ ᠦᠭᠭᠦ ᠬᠠᠮᠢᠶᠠᠷᠤᠯᠲᠠ ᠶᠢ ᠴᠢᠩᠭᠠᠳᠬᠠᠬᠤ ᠪᠤᠯ ᠨᠡᠭᠦᠷᠡᠰᠦᠨ ᠤ ᠬᠦᠷᠢᠶᠡᠨ ᠳᠤ ᠬᠤᠯᠪᠣᠭᠳᠠᠬᠤ ᠬᠠᠤᠯᠢ ᠠᠴᠠ ᠵᠦᠷᠢᠴᠡᠵᠥ ᠳᠦᠷᠢᠮ ᠳᠤᠬᠳᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠴᠢᠬᠤᠯᠠ ᠭᠤᠬᠴᠤᠭ᠎ᠠ ᠪᠣᠯᠬᠤ ᠪᠥᠭᠡᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠰᠢᠨ᠎ᠡ ᠪᠠᠶᠢᠳᠠᠯ ᠰᠢᠨ᠎ᠡ ᠡᠭᠦᠷᠭᠡ ᠳᠤ ᠵᠣᠬᠢᠴᠠᠭᠤᠯᠬᠤ ᠪᠣᠳᠠᠲᠤ ᠬᠡᠷᠡᠭᠴᠡᠭᠡ ᠪᠣᠯᠤᠨ᠎ᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠵᠤ᠂ ᠠᠭᠤᠷᠬᠠᠢ ᠶᠢᠨ ᠦᠢᠯᠡᠰ ᠤᠨ ᠡᠷᠬᠡ ᠶᠢᠨ ᠬᠠᠮᠳᠤᠷᠠᠨ ᠠᠵᠢᠯᠯᠠᠬᠤ ᠰᠢᠯᠵᠢᠭᠦᠯᠦᠨ ᠥᠭᠬᠦ ᠦᠢᠯᠡ ᠠᠵᠢᠯᠯᠠᠭ᠎ᠠ ᠶᠢ ᠦᠨᠡᠨ ᠬᠦ ᠵᠢᠷᠤᠮᠵᠢᠭᠤᠯᠬᠤ ᠬᠡᠷᠡᠭᠲᠡᠶ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠯᠲᠡ ᠳᠤ ᠰᠠᠭᠤᠷᠢᠯᠠᠵᠥ᠂ ᠣᠶ ᠰᠢᠭᠤᠶ᠂ ᠨᠤᠲᠤᠭ ᠪᠡᠯᠴᠢᠬᠡᠷ᠂ ᠨᠤᠭᠤ ᠭᠠᠵᠠᠷ ᠢ ᠬᠠᠮᠠᠭᠠᠯᠠᠬᠤ ᠶᠢ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠬᠥᠮᠦᠨ ᠤ ᠠᠵᠢᠯᠯᠠᠭ᠎ᠠ ᠶᠢᠨ ᠨᠤᠲᠤᠭ ᠪᠡᠯᠴᠢᠭᠡᠷ ᠲᠤ ᠦᠵᠡᠭᠦᠯᠬᠦ ᠨᠥᠯᠥᠭᠡ ᠪᠠ ᠡᠪᠳᠡᠯᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠣᠯᠠᠨ ᠲᠦᠮᠡᠨ ᠤ ᠶᠠᠪᠤᠵᠤ ᠰᠠᠭᠤᠬᠤ᠂ ᠴᠠᠬᠢᠯᠭᠠᠨ ᠬᠡᠷᠡᠭᠯᠡᠬᠦ᠂ ᠴᠢᠮᠡᠭᠡ ᠬᠤᠯᠪᠣᠭ᠎ᠠ ᠵᠢᠴᠢ ᠰᠤᠷᠭᠠᠨ ᠬᠥᠮᠦᠵᠢᠯ᠂ ᠰᠣᠶᠣᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠪᠣᠳᠠᠲᠠᠢ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠰᠢᠢᠳᠪᠦᠷᠢᠯᠡᠵᠦ᠂ ᠬᠤᠲᠠ ᠬᠥᠳᠡᠭᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠪᠡᠶᠡᠯᠡᠭᠦᠯᠬᠦ ᠬᠡᠷᠡᠭᠳᠡᠢ᠃ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ ᠠᠬᠢᠭᠤᠯᠬᠤ ᠶᠠᠪᠤᠳᠠᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ︽ᠲᠠᠪᠤᠨ ᠬᠠᠮᠳᠤ ᠶᠢᠨ ᠳᠠᠨᠢᠯᠳᠡ︾᠎ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠵᠤ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠶᠡᠭᠡ ᠰᠠᠶᠢᠨ ᠪᠠᠶᠢᠳᠠᠯ ᠢ ᠬᠠᠮᠠᠭᠠᠯᠠᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号