ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2020 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠥ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ ᠢ ᠰᠤᠳᠤᠯᠵᠤ ᠬᠢᠨᠠᠨ ᠵᠥᠪᠯᠡᠪᠡ  ᠪᠦ᠋ ᠰᠢᠶᠤᠤ ᠯᠢᠨ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2020/10/1
     9 ᠰᠠᠷ᠎ᠠ ᠶᠢᠨ 30᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2020 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠎ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾ ︵ᠬᠢᠨᠠᠨ ᠵᠦᠪᠯᠡᠬᠦ ᠨᠣᠤᠷᠠᠭ︶᠎ ᠢ ᠰᠤᠳᠤᠯᠤᠨ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠎ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ ᠬᠤᠷᠠᠯ ᠢ ᠡᠷᠭᠢᠯᠡᠪᠡ᠃      ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠥ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠯᠤᠰ ᠲᠦᠷᠦᠴᠢ ᠴᠢᠨᠠᠷ ᠪᠠ ᠪᠦᠲᠦᠮᠵᠢᠲᠦ ᠴᠢᠨᠠᠷ ᠢᠶᠠᠨ ᠳᠡᠭᠡᠭᠰᠢᠯᠡᠭᠦᠯᠬᠦ ᠶᠢᠨ ᠳᠦᠯᠦᠬᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠦᠨᠳᠦᠰᠦᠯᠡᠵᠦ᠂ 2017 ᠣᠨ ᠳᠤ ᠲᠣᠭᠲᠠᠭᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ︾᠎ ᠳᠤ ᠵᠠᠰᠠᠪᠤᠷᠢ ᠣᠷᠣᠭᠤᠯᠪᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠦᠷᠢᠮ︾᠎ ᠨᠢ ᠨᠡᠶᠢᠲᠡ 10 ᠪᠦᠯᠦᠭ 50 ᠵᠦᠢᠯ ᠪᠠᠶᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ᠂ ᠵᠣᠬᠢᠶᠠᠨ ᠪᠠᠶᠢᠭᠤᠯᠤᠯᠲᠠ ᠶᠢᠨ ᠵᠠᠷᠴᠢᠮ ᠵᠡᠷᠭᠡ ᠳᠤ ᠨᠡᠩ ᠲᠣᠳᠣᠷᠬᠠᠶ ᠪᠣᠳᠠᠲᠠᠶ ᠲᠣᠭᠲᠠᠭᠠᠯ ᠭᠠᠷᠭᠠᠵᠤ᠂ ᠤᠨᠤᠯ ᠤᠨ ᠰᠤᠷᠤᠯᠴᠠᠯᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠵᠡᠷᠭᠡ ᠪᠦᠯᠦᠭ ᠬᠡᠰᠡᠭ ᠢ ᠨᠡᠮᠡᠪᠡ᠃      ᠪᠦ᠋ ᠰᠢᠶᠤᠤ ᠯᠢᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠤᠯᠤᠰ ᠲᠥᠷᠥ ᠶᠢᠨ ᠤᠬᠠᠮᠰᠠᠷ᠂ ᠬᠠᠤᠯᠢᠵᠢᠯ ᠤᠨ ᠤᠬᠠᠮᠰᠠᠷ ᠪᠣᠯᠤᠨ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠦᠷᠦᠭᠦᠯᠡᠨ ᠴᠢᠩᠭ᠎ᠠ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ ᠪᠠ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠤᠯᠪᠣᠭᠳᠠᠯ ᠪᠥᠬᠦᠶ ᠲᠣᠭᠲᠠᠭᠠᠯ ᠢ ᠲᠦᠷᠦᠭᠦᠯᠡᠨ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠶ᠋ᠴᠡᠳᠬᠡᠬᠦ ᠬᠡᠷᠡᠭᠲᠡᠶ ᠬᠡᠵᠥ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠮ ᠤᠨ ᠭᠠᠳᠠᠨᠠᠬᠢ ᠳᠡᠳ᠋ ᠲᠡᠷᠢᠭᠦᠯᠡᠭᠴᠢ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号