ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠤᠯᠤᠨ ᠳᠤᠮᠳᠠᠳᠤ ᠤᠯᠤᠰ ᠤᠨ ᠬᠤᠸᠠ ᠨᠧᠩ ᠪᠦᠯᠦᠭᠯᠡᠯ ᠤᠨ ᠬᠢᠵᠠᠭᠠᠷᠳᠦ ᠺᠤᠮᠫᠠᠨᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠲᠤᠬᠳᠠᠪᠠ  ᠱᠢ ᠲᠠᠢ ᠹᠧᠩ  ᠪᠦ᠋ ᠰᠢᠶᠤᠤ ᠯᠢᠨ ᠭᠠᠷ ᠤᠨ ᠦᠰᠦᠭ ᠵᠢᠷᠤᠬᠤ ᠶᠢ ᠭᠡᠷᠡᠴᠢᠯᠡᠬᠦ ᠶᠢᠨ ᠬᠠᠮᠳᠦ ᠱᠦ ᠶᠢᠨ ᠪᠢᠶᠤᠤ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2020/10/13
     10 ᠰᠠᠷ᠎ᠠ ᠶᠢᠨ 12᠎ ᠤᠨ ᠡᠳᠦᠷ᠂ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠳᠤᠮᠳᠠᠳᠤ ᠤᠯᠤᠰ ᠤᠨ ᠬᠤᠸᠠ ᠨᠧᠩ ᠪᠦᠯᠦᠭᠯᠡᠯ ᠤᠨ ᠬᠢᠵᠠᠭᠠᠷᠳᠦ ᠺᠤᠮᠫᠠᠨᠢ ᠬᠦᠬᠡᠬᠤᠳᠠ ᠳᠤ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠳᠤᠮᠳᠠᠳᠤ ᠤᠯᠤᠰ ᠤᠨ ᠬᠤᠸᠠ ᠨᠧᠩ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ ᠭᠡᠷᠡᠭ ᠮᠡᠳᠡᠭᠴᠢᠳ ᠤᠨ ᠳᠠᠷᠤᠭ᠎ᠠ ᠱᠦ ᠶᠢᠨ ᠪᠢᠶᠤᠤ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ᠃
     ᠵᠦᠪᠯᠡᠯᠴᠡᠭᠡᠷ ᠶᠤᠰᠤᠭᠠᠷ᠂ ᠬᠤᠶᠠᠷ ᠲᠠᠯ᠎ᠠ ᠪᠠᠷ ᠢᠶᠠᠨ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠪᠠᠷ ᠬᠦᠭᠵᠢᠬᠦᠯᠬᠦ ᠤᠳᠤᠷᠢᠳᠤᠮᠵᠢ ᠶᠢ ᠪᠠᠷᠢᠮᠳᠠᠯᠠᠵᠦ᠂ ᠶᠡᠷᠦᠩᠭᠡᠶᠢᠯᠡᠭᠰᠡᠨ ᠴᠡᠪᠡᠷ ᠡᠨᠧᠷᠬᠢ ᠶᠢᠨ ᠰᠠᠭᠤᠷᠢᠨ ᠨᠡᠭᠡᠭᠡᠨ ᠬᠦᠭᠵᠢᠬᠦᠯᠦᠯᠳᠠ ᠶᠢ ᠲᠦᠷᠭᠡᠳᠭᠡᠬᠦ ᠶᠢᠨ ᠲᠤᠭᠤᠷᠢᠨ ᠳᠤ᠂ ᠨᠡᠬᠦᠷᠡᠰᠦ ᠴᠠᠬᠢᠯᠭᠠᠨ ᠢ ᠠᠷᠢᠭᠤᠨ ᠴᠡᠪᠡᠷ ᠦᠨᠳᠦᠷ ᠪᠦᠳᠦᠮᠵᠢᠳᠠᠢ ᠨᠡᠭᠡᠭᠡᠨ ᠠᠰᠢᠬᠯᠠᠬᠤ ᠶᠢ ᠠᠬᠢᠭᠤᠯᠤᠨ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ᠂ ᠭᠡᠷᠡᠯ ᠴᠡᠨᠡᠭ᠂ ᠤᠰᠤᠳᠦ᠋ᠷᠦᠭᠴᠢ ᠶᠢᠨ ᠡᠨᠧᠷᠬᠢ ᠵᠡᠷᠭᠡ ᠰᠢᠨ᠎ᠠ ᠡᠨᠧᠷᠬᠢ ᠶᠢᠨ ᠠᠵᠤ ᠦᠢᠯᠡᠰ ᠪᠠ ᠨᠦᠭᠡᠴᠡ ᠡᠨᠧᠷᠬᠢ ᠶᠢᠨ ᠮᠡᠷᠭᠡᠵᠢᠯ ᠤᠨ ᠭᠡᠷᠡᠭᠯᠡᠭᠡ ᠶᠢ ᠢᠳᠡᠪᠬᠢᠳᠠᠢ ᠪᠤᠵᠠᠭᠠᠢᠢᠷᠠᠭᠤᠯᠤᠨ ᠬᠦᠭᠵᠢᠬᠦᠯᠵᠦ᠂ ᠬᠤᠳᠠ ᠶᠢᠨ ᠡᠷᠬᠢᠯᠳᠡᠳᠦ ᠠᠵᠤ ᠠᠬᠤᠢ ᠶᠢ ᠶᠡᠭᠡ ᠪᠠᠷ ᠬᠦᠭᠵᠢᠬᠦᠯᠦᠨ᠂ ᠤᠷᠤᠨ ᠤ ᠲᠦᠪ ᠤᠨ ᠤᠯᠠᠨ ᠤᠯᠤᠰ ᠤᠨ ᠡᠨᠧᠷᠬᠢ ᠶᠢᠨ ᠶᠡᠷᠦᠩᠭᠡᠶᠢᠯᠡᠭᠰᠡᠨ ᠦᠢᠯᠡᠴᠢᠯᠡᠭᠡᠨ ᠤ ᠤᠷᠢᠳ ᠢᠶᠠᠷ ᠭᠡᠷᠡᠭᠵᠢᠬᠦᠯᠬᠦ ᠤᠷᠤᠨ ᠢ ᠴᠤᠬᠴᠠᠯᠠᠵᠦ᠂ ᠠᠵᠤ ᠦᠢᠯᠡᠰ ᠤᠨ ᠬᠡᠪᠴᠢᠶ᠎ᠠ ᠶᠢ ᠪᠤᠵᠠᠭᠠᠢᠢᠷᠠᠭᠤᠯᠵᠦ᠂ ᠤᠯᠠᠨ ᠡᠰᠢᠳᠦ ᠪᠦᠳᠦᠴᠡ ᠶᠢ ᠨᠠᠷᠢᠯᠢᠬᠵᠢᠭᠤᠯᠤᠨ᠂ ᠡᠨᠧᠷᠬᠢ ᠶᠢᠨ ᠠᠵᠤ ᠠᠬᠤᠢ ᠶᠢ ᠰᠢᠯᠢᠳᠡᠭᠵᠢᠬᠦᠯᠬᠦ ᠪᠠᠷ ᠴᠢᠷᠮᠠᠶᠢᠵᠦ᠂ ᠦᠪᠡᠷᠲᠡᠭᠡᠨ ᠵᠠᠰᠠᠬᠤ ᠤᠷᠤᠨ ᠤ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠠᠬᠢᠭᠤᠯᠬᠤ ᠪᠤᠯᠤᠨ᠎ᠠ᠃
     ᠭᠠᠷ ᠤᠨ ᠦᠰᠦᠭ ᠵᠢᠷᠤᠬᠤ ᠶᠤᠰᠤᠯᠠᠯ ᠠᠴᠠ ᠡᠮᠦᠨ᠎ᠠ᠂ ᠱᠢ ᠲᠠᠢ ᠹᠧᠩ᠂ ᠪᠦ᠋ ᠰᠢᠶᠤᠤ ᠯᠢᠨ ᠱᠦ ᠶᠢᠨ ᠪᠢᠶᠤᠤ ᠨᠠᠷ ᠲᠠᠢ ᠠᠭᠤᠯᠵᠠᠪᠠ᠃ ᠱᠢ ᠲᠠᠢ ᠹᠧᠩ᠂ ᠬᠤᠸᠠ ᠨᠧᠩ ᠪᠦᠯᠦᠭᠯᠡᠯ ᠪᠤᠯ ᠥᠪᠦᠷ ᠮᠤᠩᠭᠤᠯ ᠤᠨ ᠤᠷᠳᠤ ᠬᠤᠭᠤᠴᠠᠭᠠᠨ ᠤ ᠬᠠᠮᠳᠤᠷᠠᠯᠴᠠᠭᠠᠨ ᠤ ᠬᠠᠨᠢᠳᠠᠨ ᠮᠦᠨ᠂ ᠤᠯᠠᠨ ᠵᠢᠯ ᠤᠨ ᠲᠤᠷᠰᠢ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠳᠤ ᠴᠢᠬᠤᠯᠠ ᠬᠤᠪᠢ ᠨᠡᠮᠡᠷᠢ ᠦᠵᠡᠬᠦᠯᠵᠡᠢ᠃ ︽ᠠᠷᠪᠡᠨ ᠲᠦᠷᠪᠡᠳᠦᠭᠡᠷ ᠲᠠᠪᠤᠨ ᠵᠢᠯ︾᠎ ᠳᠤ ᠬᠠᠨᠳᠤᠭᠤᠯᠤᠨ᠂ ᠪᠢᠳᠠ ᠳᠤᠷᠠᠳᠠᠶ᠎ᠠ ᠬᠤᠸᠠ ᠨᠧᠩ ᠪᠦᠯᠦᠭᠯᠡᠯ ᠯᠦᠭᠡ ᠬᠠᠮᠳᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠦ᠂ ᠬᠠᠮᠳᠤᠷᠠᠯᠴᠠᠭᠠᠨ ᠤ ᠤᠷᠤᠨ ᠵᠠᠢ ᠶᠢ ᠦᠷᠭᠡᠳᠭᠡᠨ᠂ ᠬᠠᠮᠳᠤᠷᠠᠯᠴᠠᠭᠠᠨ ᠤ ᠲᠡᠰ ᠳᠠᠪᠬᠤᠷᠭ᠎ᠠ ᠶᠢ ᠳᠡᠭᠡᠭᠰᠢᠯᠡᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ᠂ ᠴᠡᠪᠡᠷ ᠡᠨᠧᠷᠬᠢ ᠶᠢ ᠨᠡᠭᠡᠭᠡᠨ ᠠᠰᠢᠬᠯᠠᠬᠤ ᠵᠡᠷᠭᠡ ᠲᠠᠯ᠎ᠠ ᠪᠠᠷ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠦ᠂ ᠬᠠᠮᠳᠤ ᠪᠠᠷ ᠬᠦᠭᠵᠢᠬᠦ ᠶᠢ ᠪᠡᠶᠡᠯᠡᠬᠦᠯᠦᠨ᠎ᠠ ᠭᠡᠪᠡ᠃ ᠱᠦ ᠶᠢᠨ ᠪᠢᠶᠤᠤ᠂ ︽ᠠᠷᠪᠡᠨ ᠲᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ᠂ ᠬᠤᠸᠠ ᠨᠧᠩ ᠪᠦᠯᠦᠭᠯᠡᠯ ᠤᠨ ᠬᠢᠨ ᠪᠡᠯᠡ ᠤᠷᠤᠭᠤᠯᠤᠯᠳᠠ ᠶᠢᠨ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠦ᠂ ᠥᠪᠦᠷ ᠮᠤᠩᠭᠤᠯ ᠤᠨ ᠬᠡᠪᠴᠢᠶᠠᠵᠢᠭᠰᠡᠨ᠂ ᠲᠤᠭᠠᠴᠢᠯᠠᠬᠰᠠᠨ᠂ ᠤᠯᠠᠨ ᠡᠨᠧᠷᠬᠢ ᠬᠠᠷᠢᠯᠴᠠᠨ ᠨᠦᠬᠦᠪᠦᠷᠢᠯᠡᠭᠰᠡᠨ ᠡᠨᠧᠷᠬᠢ ᠶᠢᠨ ᠰᠠᠭᠤᠷᠢᠨ ᠢ ᠴᠤᠬᠴᠠᠯᠠᠬᠤ ᠶᠢ ᠳᠡᠮᠵᠢᠵᠦ᠂ ᠤᠳᠤ ᠦᠶ᠎ᠠ ᠶᠢᠨ ᠡᠨᠧᠷᠬᠢ ᠶᠢᠨ ᠠᠵᠤ ᠠᠬᠤᠢ ᠶᠢᠨ ᠬᠦᠭᠵᠢᠯᠳᠠ ᠶᠢ ᠲᠦᠷᠭᠡᠳᠭᠡᠨ᠎ᠠ ᠭᠡᠵᠦ ᠢᠯᠡᠳᠭᠡᠵᠡᠢ᠃      ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠵᠠᠩ ᠱᠤᠤ ᠴᠦᠨ᠂ ᠠᠢ ᠯᠢ ᠬᠤᠸᠠ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号