ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠦᠪᠡᠷᠲᠡᠭᠡᠨ ᠵᠠᠰᠠᠬᠤ ᠤᠷᠤᠨ ᠎ ᠤ ᠪᠤᠬᠢᠷᠳᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢᠨ ᠲᠦᠰᠦᠯ ᠵᠡᠷᠭᠡ ᠵᠦᠢᠯ ᠢ ᠰᠤᠳᠤᠯᠪᠠ
ᠨᠡᠶᠢᠲᠡᠯᠡᠭᠰᠡᠨ ᠴᠠᠭ᠄
2020/10/13
     10 ᠰᠠᠷ᠎ᠠ ᠶᠢᠨ 12᠎ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠎ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠎ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠦᠪᠡᠷᠲᠡᠭᠡᠨ ᠵᠠᠰᠠᠬᠤ ᠤᠷᠤᠨ ᠤ ᠪᠤᠬᠢᠷᠳᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢᠨ ᠲᠦᠰᠦᠯ᠂ ᠨᠡᠬᠦᠷᠡᠰᠦᠨ ᠤ ᠡᠬᠢ ᠪᠠᠶᠠᠯᠢᠭ ᠤᠨ ᠲᠤᠰᠬᠠᠢ ᠬᠢᠨᠡᠨ ᠪᠤᠳᠤᠯᠳᠠ ᠶᠢᠨ ᠠᠵᠢᠯ ᠢ ᠴᠢᠩᠭᠠᠳᠬᠠᠬᠤ ᠵᠡᠷᠭᠡ ᠵᠦᠢᠯ ᠢ ᠰᠤᠳᠤᠯᠪᠠ᠃      ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠬᠤᠯᠪᠤᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠦᠨᠳᠦᠰᠦᠳᠡᠨ ᠤ ᠤᠷᠤᠨ ᠳᠤ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠬᠦᠯᠦᠨ ᠲᠦᠭᠡᠮᠡᠯᠵᠢᠬᠦᠯᠬᠦ ᠶᠢᠨ ᠴᠢᠬᠤᠯᠠ ᠠᠴᠢ ᠬᠤᠯᠪᠤᠭᠳᠠᠯ ᠤᠨ ᠲᠤᠬᠠᠢ ᠲᠠᠨᠢᠯᠳᠠ ᠪᠠᠨ ᠳᠠᠰᠤᠷᠠᠯᠳᠠ ᠦᠭᠡᠢ ᠬᠦᠨᠵᠡᠭᠡᠶᠢᠷᠡᠬᠦᠯᠦᠨ᠂ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠬᠦᠯᠦᠨ ᠲᠦᠭᠡᠮᠡᠯᠵᠢᠬᠦᠯᠬᠦ ᠠᠵᠢᠯ ᠢ ᠡᠷᠡᠰ ᠭᠤᠶᠢᠪᠢᠰᠢ ᠦᠭᠡᠢ ᠡᠷᠡᠰ ᠪᠠᠳᠤ ᠰᠠᠶᠢᠳᠤᠷ ᠬᠢᠬᠦ ᠭᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠰᠤᠳᠤᠯᠤᠨ ᠪᠠᠶᠢᠷᠢᠯᠠᠭᠤᠯᠤᠭᠰᠠᠨ ᠶᠤᠰᠤᠭᠠᠷ᠂ ᠲᠤᠰᠢᠶᠠᠯ ᠬᠠᠷᠢᠭᠤᠴᠠᠯᠭ᠎ᠠ ᠡᠬᠦᠷᠭᠡ ᠪᠠᠨ ᠤᠯᠠᠮ ᠴᠢᠨᠠᠬᠰᠢᠳᠠ ᠳᠤᠳᠤᠷᠬᠠᠢᠢᠯᠠᠵᠦ᠂ ᠡᠯ᠎ᠠ ᠬᠠᠷᠢᠭᠤᠴᠠᠯᠭᠠᠳᠦ ᠰᠠᠯᠠᠭ᠎ᠠ ᠮᠦᠴᠢᠷ ᠤᠨ ᠬᠢᠨ ᠪᠤᠳᠠᠳᠠᠢ ᠶᠢ ᠡᠷᠬᠢᠮᠯᠡᠭᠰᠡᠨ ᠪᠦᠳᠦᠮᠵᠢᠳᠠᠢ ᠨᠠᠶᠢᠳᠠᠪᠤᠷᠢᠵᠢᠭᠤᠯᠬᠤ ᠠᠷᠭ᠎ᠠ ᠭᠡᠮᠵᠢᠶ᠎ᠠ ᠶᠢ ᠱᠠᠯᠠᠪᠳᠠᠨ ᠰᠤᠳᠤᠯᠤᠨ ᠳᠤᠷᠠᠳᠴᠦ᠂ ᠤᠯᠤᠰ ᠤᠨ ᠨᠢᠭᠡᠳᠦᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠭᠡᠷᠡᠭᠯᠡᠯᠳᠠ ᠶᠢ ᠠᠬᠢᠭᠤᠯᠬᠤ ᠡᠯ᠎ᠠ ᠵᠦᠢᠯ ᠎ ᠤᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ ᠭᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠤᠬᠢᠷᠳᠤᠯ ᠦᠭᠡᠢ ᠠᠭᠤᠷᠬᠠᠢ ᠶᠢ ᠪᠦᠳᠦᠭᠡᠨ ᠪᠠᠶᠢᠭᠤᠯᠬᠤ ᠪᠤᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠭᠤᠷᠬᠠᠢ ᠶᠢᠨ ᠦᠢᠯᠡᠰ ᠤᠨ ᠬᠦᠷᠢᠶᠡᠨ ᠳᠠᠬᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠠᠭᠤᠷᠬᠠᠢ ᠶᠢᠨ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠬᠤ ᠴᠢᠬᠤᠯᠠ ᠠᠷᠭ᠎ᠠ ᠭᠡᠮᠵᠢᠶ᠎ᠠ ᠮᠦᠨ᠃ ᠮᠠᠨ ᠤ ᠤᠷᠤᠨ ᠪᠤᠯ ᠠᠭᠤᠷᠬᠠᠢ ᠶᠢᠨ ᠡᠬᠢ ᠪᠠᠶᠠᠯᠢᠭ ᠤᠨ ᠲᠤᠮᠤ ᠤᠷᠤᠨ᠂ ᠪᠠᠰᠠ ᠴᠦ ᠴᠢᠬᠤᠯᠠ ᠠᠮᠢ ᠠᠬᠤᠢ ᠶᠢᠨ ᠴᠢᠳᠠᠮᠵᠢᠳᠦ ᠤᠷᠤᠨ ᠮᠦᠨ᠂ ᠪᠤᠬᠢᠷᠳᠤᠯ ᠦᠭᠡᠢ ᠠᠭᠤᠷᠬᠠᠢ ᠶᠢ ᠪᠦᠳᠦᠭᠡᠨ ᠪᠠᠶᠢᠭᠤᠯᠬᠤ ᠨᠢ ᠤᠨᠴᠠᠭᠠᠢ ᠴᠢᠬᠤᠯᠠ ᠠᠴᠢ ᠬᠤᠯᠪᠤᠭᠳᠠᠯ ᠲᠠᠢ ᠶᠤᠮ᠃ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠦᠨᠡᠨ ᠬᠦ ᠳᠡᠭᠡᠭᠰᠢᠯᠡᠬᠦᠯᠵᠦ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠯᠠᠪᠳᠠᠭᠤᠨ ᠪᠠᠳᠤᠳᠠᠢ ᠰᠠᠶᠢᠳᠤᠷ ᠠᠳᠬᠤᠵᠦ᠂ ᠪᠤᠬᠢᠷᠳᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢᠨ ᠬᠠᠷᠠᠯᠳᠠ ᠡᠬᠦᠷᠭᠡ ᠶᠢ ᠲᠤᠭᠳᠠᠭᠰᠠᠨ ᠬᠤᠭᠤᠴᠠᠭᠠᠨ ᠳᠤ ᠴᠢᠨᠠᠷ ᠭᠡᠮᠵᠢᠶ᠎ᠠ ᠶᠢ ᠪᠠᠳᠤᠯᠠᠨ ᠪᠡᠶᠡᠯᠡᠬᠦᠯᠬᠦ ᠭᠡᠷᠡᠭᠲᠡᠢ ᠭᠡᠵᠦ ᠵᠢᠭᠠᠵᠦ ᠭᠠᠷᠭᠠᠵᠠᠢ᠃      ᠬᠤᠷᠠᠯ ᠠᠴᠠ᠂ ᠨᠡᠬᠦᠷᠡᠰᠦᠨ ᠤ ᠡᠬᠢ ᠪᠠᠶᠠᠯᠢᠭ ᠤᠨ ᠲᠤᠰᠬᠠᠢ ᠬᠢᠨᠠᠨ ᠪᠤᠳᠤᠯᠳᠠ ᠶᠢ ᠴᠢᠩᠭᠠᠳᠬᠠᠬᠤ ᠪᠤᠯ ᠨᠡᠬᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠳᠠᠭᠠᠯ ᠢ ᠵᠦᠷᠢᠴᠡᠵᠦ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠦᠷᠨᠢᠬᠦᠯᠵᠦ᠂ ᠨᠡᠬᠦᠷᠡᠰᠦᠨ ᠤ ᠡᠬᠢ ᠪᠠᠶᠠᠯᠢᠭ ᠎ ᠤᠨ ᠬᠠᠮᠢᠶᠠᠷᠤᠯᠳᠠ ᠶᠢᠨ ᠤᠷᠳᠤ ᠬᠤᠭᠤᠴᠠᠭᠠᠨ ᠤ ᠪᠦᠳᠦᠮᠵᠢᠳᠠᠢ ᠲᠤᠭᠳᠠᠴᠠ ᠶᠢ ᠪᠦᠷᠢᠯᠳᠦᠬᠦᠯᠬᠦ ᠴᠢᠬᠤᠯᠠ ᠠᠷᠭ᠎ᠠ ᠭᠡᠮᠵᠢᠶ᠎ᠠ ᠪᠤᠯᠬᠤ ᠪᠦᠭᠡᠳ ᠪᠠᠰᠠ ᠨᠡᠬᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠵᠠᠰᠠᠯᠳᠠ ᠶᠢᠨ ᠴᠢᠳᠠᠪᠤᠷᠢ ᠪᠠ ᠵᠠᠰᠠᠯᠳᠠ ᠶᠢᠨ ᠰᠢᠰᠲ᠋ᠧᠮ ᠤᠨ ᠤᠳᠤᠬᠢᠴᠢᠯᠠᠯᠳᠠ ᠶᠢᠨ ᠭᠡᠮᠵᠢᠶ᠎ᠠ ᠶᠢ ᠳᠡᠭᠡᠭᠰᠢᠯᠡᠬᠦᠯᠬᠦ ᠴᠢᠬᠤᠯᠠ ᠡᠬᠦᠷᠭᠡ ᠮᠦᠨ᠃ ᠬᠢᠨᠡᠨ ᠪᠤᠳᠤᠯᠳᠠ ᠪᠠᠷ ᠳᠠᠮᠵᠢᠭᠤᠯᠤᠨ ᠨᠡᠬᠦᠷᠡᠰᠦᠨ ᠤ ᠡᠬᠢ ᠪᠠᠶᠠᠯᠢᠭ ᠢ ᠬᠠᠮᠠᠭᠠᠯᠠᠬᠤ᠂ ᠬᠠᠮᠢᠶᠠᠷᠬᠤ᠂ ᠨᠡᠭᠡᠭᠡᠨ ᠬᠦᠭᠵᠢᠬᠦᠯᠬᠦ᠂ ᠠᠰᠢᠬᠯᠠᠬᠤ ᠲᠦᠷᠦ ᠶᠢᠨ ᠪᠤᠳᠤᠯᠭ᠎ᠠ ᠪᠠ ᠲᠦᠷᠢᠮ ᠠᠷᠭ᠎ᠠ ᠭᠡᠮᠵᠢᠶ᠎ᠠ ᠶᠢ ᠳᠡᠬᠦᠯᠳᠡᠷᠵᠢᠬᠦᠯᠬᠦ ᠶᠢ ᠠᠬᠢᠭᠤᠯᠵᠦ᠂ ᠪᠠᠶᠢᠭᠤᠯᠤᠮᠵᠢ ᠲᠤᠭᠳᠠᠴᠠ ᠶᠢᠨ ᠲᠠᠯ᠎ᠠ ᠠᠴᠠ ᠨᠡᠬᠦᠷᠡᠰᠦᠨ ᠤ ᠡᠬᠢ ᠪᠠᠶᠠᠯᠢᠭ ᠤᠨ ᠬᠠᠮᠢᠶᠠᠷᠤᠯᠳᠠ ᠶᠢ ᠴᠢᠩᠭᠠᠳᠬᠠᠨ᠂ ᠨᠡᠬᠦᠷᠡᠰᠦᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠤᠬᠢᠰᠳᠠᠢ ᠠᠰᠢᠬᠯᠠᠬᠤ ᠶᠢ ᠪᠡᠶᠡᠯᠡᠬᠦᠯᠵᠦ᠂ ᠨᠡᠬᠦᠷᠡᠰᠦᠨ ᠤ ᠡᠬᠢ ᠪᠠᠶᠠᠯᠢᠬ ᠢ ᠠᠷᠪᠢᠳᠠᠢ ᠡᠷᠴᠢᠮᠳᠠᠢ ᠠᠰᠢᠬᠯᠠᠬᠤ ᠲᠦᠪᠰᠢᠨ ᠢ ᠳᠡᠭᠡᠭᠰᠢᠯᠡᠬᠦᠯᠵᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号