ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠵᠢᠴᠢ ᠰᠢᠯᠢᠳᠡᠭ ᠡᠭᠦᠯᠳᠡᠷ ᠢ ᠳᠡᠯᠭᠡᠷᠡᠭᠦᠯᠬᠦ ᠬᠤᠷᠠᠯ ᠬᠦᠬᠡᠬᠤᠳᠠ ᠳᠤ ᠡᠬᠢᠯᠡᠪᠡ
ᠨᠡᠶᠢᠲᠡᠯᠡᠭᠰᠡᠨ ᠴᠠᠭ᠄
2020/10/13
     10 ᠰᠠᠷ᠎ᠠ ᠶᠢᠨ 12᠎ ᠤᠨ ᠡᠳᠤᠷ᠂ 3 ᠡᠳᠤᠷ ᠤᠨ ᠬᠤᠭᠤᠴᠠᠭ᠎ᠠ ᠲᠠᠢ ᠶᠠᠪᠤᠭᠳᠠᠬᠤ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠰᠬᠦᠯᠡᠩ ᠵᠢᠴᠢ ᠰᠢᠯᠢᠳᠡᠭ ᠡᠭᠦᠯᠳᠡᠷ ᠢ ᠳᠡᠯᠭᠡᠷᠡᠭᠦᠯᠬᠦ ᠬᠤᠷᠠᠯ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠠ᠃      ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠦᠬᠡᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠵᠠᠩ ᠶᠤᠸᠠᠨ ᠵᠦᠩ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠦᠵᠡᠰᠭᠦᠯᠡᠩ ᠢ ᠲᠤᠭᠤᠷᠢᠨ ᠦᠵᠡᠬᠦ ᠶᠢᠨ ᠬᠠᠮᠳᠤ᠂ ᠡᠯ᠎ᠠ ᠦᠵᠡᠬᠦᠯᠬᠡ ᠶᠢᠨ ᠲᠤᠭᠤᠷᠢᠭ ᠲᠤ ᠮᠠᠨ ᠤ ᠤᠷᠤᠨ ᠤ ᠲᠠᠷᠢᠮᠠᠯ ᠤᠨ ᠦᠢᠯᠡᠰ ᠤᠨ ᠬᠦᠭᠵᠢᠯᠳᠡ ᠶᠢᠨ ᠪᠠᠶᠢᠳᠠᠯ ᠪᠤᠯᠤᠨ ᠪᠤᠬᠢᠷᠳᠤᠯ ᠦᠬᠡᠢ ᠮᠠᠯ ᠤᠨ ᠠᠰᠢᠭ ᠰᠢᠮ᠎ᠠ ᠲᠠᠷᠢᠮᠠᠯ ᠤᠨ ᠪᠦᠳᠦᠬᠡᠭᠳᠡᠬᠦᠨ ᠤ ᠦᠢᠯᠡᠤᠨᠪᠤᠷᠢᠯᠡᠯ ᠪᠤᠷᠤᠯᠠᠭᠤᠯᠤᠯᠳᠠ᠂ ᠰᠠᠭᠤᠷᠢ ᠪᠦᠳᠦᠬᠡᠨ ᠪᠠᠶᠢᠭᠤᠯᠤᠯᠳᠠ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠡᠬᠦᠳᠦᠯᠳᠡ ᠵᠡᠷᠬᠡ ᠪᠠᠶᠢᠳᠠᠯ ᠢ ᠬᠦᠨᠵᠡᠬᠡᠢ ᠤᠢᠢᠯᠠᠭᠠᠪᠠ᠃      ᠲᠤᠰ ᠬᠤᠭᠤᠴᠠᠭᠠᠨ ᠤ ᠦᠵᠡᠰᠬᠦᠯᠡᠩ ᠨᠢ ︽ᠤᠳᠤ ᠦᠶ᠎ᠠ ᠶᠢᠨ ᠲᠠᠷᠢᠮᠠᠯ ᠤᠨ ᠦᠢᠯᠡᠰ ᠢ ᠬᠦᠭᠵᠢᠬᠦᠯᠵᠦ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ︾᠎ ᠪᠠᠷ ᠭᠤᠤᠯ ᠰᠡᠳᠤᠪ ᠪᠤᠯᠭᠠᠵᠤ᠂ ᠰᠢᠯᠢᠳᠡᠭ ᠡᠭᠦᠯᠳᠡᠷ᠂ 12 ᠠᠶᠢᠮᠠᠭ ᠬᠤᠲᠠ ᠶᠢᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ 2 ᠭᠤᠤᠯ ᠦᠵᠡᠭᠦᠯᠭᠡ ᠶᠢᠨ ᠲᠣᠭᠤᠷᠢᠭ ᠲᠣᠬᠢᠷᠠᠭᠤᠯᠬᠤ ᠶᠢᠨ ᠬᠠᠮᠲᠤ ︽ᠥᠪᠥᠷ ᠮᠣᠩᠭᠤᠯ ᠤᠨ ᠦᠨᠦᠷ ᠠᠮᠲᠠ ᠪᠤᠬᠢᠷᠳᠤᠯ ᠦᠭᠡᠢ ᠦᠵᠡᠰᠬᠦᠯᠡᠩ ᠳᠤ ᠤᠷᠤᠬᠤ︾ ᠠᠮᠲᠠᠲᠤ ᠢᠳᠡᠭᠡᠨ ᠢ ᠠᠮᠲᠠᠯᠠᠬᠤ ᠲᠤᠭᠤᠷᠢᠭ ᠭᠠᠷᠭᠠᠪᠠ᠃ ᠦᠵᠡᠰᠬᠦᠯᠡᠩ ᠳᠤ ᠣᠷᠣᠯᠴᠠᠭᠰᠠᠨ ᠠᠵᠤ ᠠᠬᠤᠶᠢᠯᠠᠯ ᠨᠡᠶᠢᠲᠡ 664 ᠪᠠᠶᠢᠵᠤ᠂ 1800 ᠭᠠᠷᠤᠶ ᠵᠦᠢᠯ ᠤᠨ ᠪᠣᠬᠢᠷᠲᠤᠯ ᠥᠬᠡᠶ᠂ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠠ 460 ᠭᠠᠷᠤᠶ ᠮᠠᠯ ᠠᠵᠤ ᠠᠬᠤᠶ ᠲᠠᠷᠢᠶᠠᠯᠠᠩ ᠤᠨ ᠰᠢᠯᠢᠳᠡᠭ ᠡᠭᠦᠯᠳᠡᠷ ᠢ ᠲᠥᠪᠯᠡᠷᠡᠭᠦᠯᠦᠨ ᠳᠡᠯᠭᠡᠨ ᠦᠵᠡᠭᠦᠯᠵᠦ ᠪᠤᠢ᠃      ᠰᠢᠯᠢᠳᠡᠭ ᠡᠭᠦᠯᠳᠡᠷ ᠢ ᠳᠡᠯᠭᠡᠷᠡᠭᠦᠯᠬᠦ ᠦᠵᠡᠭᠦᠯᠭᠡ ᠨᠢ ᠲᠤᠰ ᠬᠤᠭᠤᠴᠠᠭᠠᠨ ᠤ ᠦᠵᠡᠰᠬᠦᠯᠡᠩ ᠤᠨ ᠨᠢᠭᠡᠨ ᠬᠢᠯᠠᠰ ᠴᠡᠭ ᠪᠤᠯᠵᠤ᠂ ᠲᠠᠷᠢᠮᠠᠯ ᠤᠨ ᠦᠷ᠎ᠡ ᠶᠢᠨ ᠦᠢᠯᠡᠰ᠂ ᠮᠠᠯ ᠵᠢᠭᠦᠷᠲᠡᠨ ᠤ ᠦᠷ᠎ᠡ ᠶᠢᠨ ᠦᠢᠯᠡᠰ᠂ ᠲᠡᠵᠢᠭᠡᠯ ᠡᠪᠡᠰᠦᠨ ᠤ ᠦᠷ᠎ᠡ ᠶᠢᠨ ᠦᠢᠯᠡᠰ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ 4 ᠦᠵᠡᠭᠦᠯᠭᠡ ᠶᠢᠨ ᠲᠣᠭᠤᠷᠢᠭ ᠢᠶᠠᠷ ᠪᠦᠷᠢᠯᠳᠦᠵᠡᠢ᠃ ᠦᠵᠡᠰᠬᠦᠯᠡᠩ ᠳᠤ ᠪᠠᠰᠠ ᠰᠦᠯᠵᠢᠶᠡᠨ ᠳᠡᠭᠡᠷᠡᠬᠢ ᠦᠵᠡᠭᠦᠯᠭᠡ ᠶᠢᠨ ᠣᠷᠳᠣᠨ ᠭᠠᠷᠭᠠᠵᠤ᠂ ᠢᠨᠲ᠋ᠧᠷ ᠰᠦᠯᠵᠢᠶᠡᠨ ᠤ ᠲᠠᠪᠴᠠᠩ ᠤᠨ ᠳᠠᠪᠠᠭᠤᠯᠢᠭ ᠢ ᠭᠦᠢᠴᠡᠳ ᠠᠰᠢᠠᠠᠯᠠᠵᠤ᠂ ᠰᠦᠯᠵᠢᠶᠡᠨ ᠤ ᠡᠬᠢ ᠪᠠᠶᠠᠯᠢᠭ ᠢ ᠡᠮᠬᠢᠯᠡᠨ ᠨᠡᠶᠢᠳᠭᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠯ ᠢ ᠭᠦᠨᠵᠡᠭᠡᠶᠢᠷᠡᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠪᠠ ᠰᠢᠯᠢᠳᠡᠭ ᠡᠭᠦᠯᠳᠡᠷ ᠢ ᠲᠠᠨᠢᠯᠴᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ 365 ᠡᠳᠦᠷ ᠲᠤ ᠡᠳᠦᠷ ᠪᠤᠯᠭᠠᠨ ᠦᠵᠡᠰᠭᠦᠯᠡᠩ ᠲᠠᠢ ᠪᠤᠯᠭᠠᠬᠤ ᠪᠠᠷ ᠵᠤᠷᠢᠵᠠᠢ᠃      ᠦᠵᠡᠰᠬᠦᠯᠡᠩ ᠤᠨ ᠬᠤᠭᠤᠴᠠᠭᠠᠨ ᠳᠤ᠂ ᠪᠠᠰᠠ ᠥᠪᠥᠷ ᠮᠣᠩᠭᠤᠯ ᠤᠨ ᠮᠠᠯ ᠠᠵᠤ ᠠᠬᠤᠶ ᠲᠠᠷᠢᠶᠠᠯᠠᠩ ᠤᠨ ᠲᠦᠷᠦᠯ ᠲᠡᠮᠳᠡᠭ ᠤᠨ ᠭᠠᠷᠴᠠᠭ ᠢ ᠨᠡᠶᠢᠲᠡᠯᠡᠬᠦ᠂ ᠦᠷ᠎ᠡ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ᠂ ᠲᠦᠷᠦᠯ ᠲᠡᠮᠳᠡᠭᠲᠦ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠵᠡᠷᠭᠡ ᠠᠵᠢᠯᠯᠠᠭ᠎ᠠ ᠵᠠᠪᠤᠭᠳᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号