︽ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠲᠣᠬᠠᠢ ᠴᠢᠬᠤᠯᠠ ᠦᠬᠦᠯᠠᠯᠳᠠ ᠶᠢᠨ ᠲᠡᠬᠦᠪᠦᠷᠢ︾ ᠶᠢ ᠬᠡᠪᠯᠠᠨ ᠲᠠᠷᠬᠠᠭᠠᠪᠠ
ᠨᠡᠶᠢᠲᠡᠯᠡᠭᠰᠡᠨ ᠴᠠᠭ᠄
2020/10/13
     ᠨᠠᠮ ᠤᠨ ᠲᠦᠪ ᠬᠤᠷᠢᠶᠠᠨ ᠤ ᠨᠠᠮ ᠤᠨ ᠲᠡᠤᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠠᠯᠠᠩ ᠤᠨ ᠨᠠᠶᠢᠷᠠᠭᠤᠯᠤᠬᠰᠠᠨ ︽ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠲᠤᠬᠠᠢ ᠴᠢᠬᠤᠯᠠ ᠦᠬᠦᠯᠠᠯᠳᠠ ᠶᠢᠨ ᠲᠡᠬᠦᠪᠤᠷᠢ︾ ᠶᠢ ᠤᠢᠢᠷ᠎ᠠ ᠶᠢᠨ ᠡᠳᠦᠷ ᠲᠦᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠠᠭᠦᠯᠵᠤ᠂ ᠪᠦᠬᠦ ᠤᠯᠤᠰ ᠲᠤ ᠲᠠᠷᠬᠠᠭᠠᠪᠠ᠃      ᠡᠨᠡ ᠬᠦ ᠲᠤᠰᠬᠠᠢ ᠰᠡᠳᠤᠪᠳᠤ ᠵᠤᠬᠢᠶᠠᠯ ᠤᠨ ᠲᠡᠬᠦᠪᠤᠷᠢ ᠨᠢ ᠰᠢ ᠶᠢᠨ ᠫᠢᠩ ᠨᠦᠬᠦᠷ ᠤᠨ ᠪᠦᠬᠦ ᠤᠯᠤᠰ ᠤᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠲᠠᠢ ᠲᠡᠮᠡᠴᠡᠭᠰᠡᠨ ᠬᠦᠬᠢᠬᠦᠯᠤᠨ ᠰᠠᠶᠢᠰᠢᠶᠠᠬᠤ ᠶᠡᠭᠡ ᠬᠤᠷᠠᠯ ᠲᠡᠭᠡᠷᠡᠬᠢ ᠶᠠᠷᠢᠶ᠎ᠠ ᠪᠠᠷ ᠡᠬᠢᠯᠠᠯᠳᠠ ᠶᠢᠨ ᠵᠤᠬᠢᠶᠠᠯ ᠪᠤᠯᠭᠠᠵᠤ᠂ ᠰᠢ ᠶᠢᠨ ᠫᠢᠩ ᠨᠦᠬᠦᠷ ᠤᠨ 2020 ᠤᠨ ᠤ 1 ᠰᠠᠷ᠎ᠠ ᠶᠢᠨ 20 ᠤ ᠡᠳᠤᠷ ᠠᠴᠠ 9 ᠰᠠᠷ᠎ᠠ ᠶᠢᠨ 23 ᠤ ᠡᠳᠤᠷ ᠪᠤᠯᠳᠠᠯᠠᠬᠢ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠲᠤᠬᠠᠢ 43 ᠴᠢᠬᠤᠯᠠ ᠵᠤᠬᠢᠶᠠᠯ ᠢ ᠨᠠᠶᠢᠷᠠᠭᠤᠯᠤᠨ ᠤᠷᠤᠭᠤᠯᠪᠠ᠃ ᠡᠬᠦᠨ ᠤ ᠲᠤᠲᠤᠷᠠᠬᠢ ᠵᠠᠷᠢᠮ ᠵᠤᠬᠢᠶᠠᠯ ᠢ ᠠᠩᠬ᠎ᠠ ᠤᠳᠠᠭ᠎ᠠ ᠢᠯᠠ ᠪᠠᠷ ᠨᠡᠶᠢᠳᠠᠯᠠᠵᠤ  ᠪᠠᠶᠢᠨ᠎ᠠ᠃      ᠵᠢᠯ ᠤᠨ ᠡᠬᠢᠨ ᠠᠴᠠ ᠨᠠᠭᠠᠰᠢ᠂ ᠬᠡᠨᠡᠳᠳᠡ ᠪᠠᠷ ᠡᠭᠦᠰᠦᠭᠰᠡᠡ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠳᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠬᠦᠯ ᠮᠡᠨᠳᠤ ᠶᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠵᠤ᠂ ᠪᠦᠬᠦ ᠲᠠᠯ᠎ᠠ ᠶᠢ ᠡᠵᠡᠮᠳᠡᠵᠤ᠂ ᠡᠷᠡᠰ ᠲᠠᠰᠤᠷᠬᠠᠢ ᠰᠢᠢᠳᠪᠤᠷᠢᠳᠤ ᠪᠤᠳᠤᠯᠭ᠎ᠠ ᠭᠠᠷᠭᠠᠵᠤ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ ᠤᠳᠤᠷᠢᠳᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠠᠳ ᠤᠨ ᠲᠠᠶᠢᠨ᠂ ᠶᠠᠷᠤᠩᠬᠡᠢ ᠲᠠᠶᠢᠯᠠᠯᠳᠤᠭᠠᠨ᠂ ᠬᠤᠷᠢᠬᠯᠠᠯᠲᠠ ᠶᠢᠨ ᠲᠠᠶᠢᠯᠠᠯᠳᠤᠭᠠᠨ ᠢ ᠬᠢᠪᠠ᠃ ᠰᠢ ᠶᠢᠨ ᠫᠢᠩ ᠨᠦᠬᠦᠷ ᠪᠠᠶ᠎ᠠ ᠪᠠᠷ ᠢᠶᠠᠨ ᠵᠢᠯᠤᠭᠤᠳᠴᠤ᠂ ᠪᠠᠶ᠎ᠠ ᠪᠠᠷ ᠢᠶᠠᠨ ᠪᠠᠶᠢᠷᠢᠯᠠᠭᠤᠯᠵᠤ᠂ ᠤᠯᠠᠨ ᠤᠳᠠᠭ᠎ᠠ ᠬᠤᠷᠠᠯ ᠬᠤᠷᠠᠯᠳᠤᠭᠤᠯᠤᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠴᠤᠬᠤᠯᠠᠪᠤᠷᠢ ᠦᠭᠬᠦᠭᠰᠡᠨ ᠪᠠᠶᠢᠨ᠎ᠠ᠃ ᠬᠠᠳᠠᠭᠤᠵᠢᠯᠳᠠᠢ ᠭᠠᠷᠮᠠᠭᠠᠢ ᠴᠢᠷᠮᠠᠶᠢᠯᠭ᠎ᠠ ᠪᠠᠷ᠂ ᠦᠬᠠᠨ ᠢ ᠬᠠᠮᠠᠭᠠᠯᠠᠬᠤ ᠲᠠᠶᠢᠯᠠᠯᠳᠤᠭᠠᠨ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ ᠰᠢᠢᠳᠪᠤᠷᠢᠳᠤ ᠴᠢᠨᠠᠷᠳᠠᠢ ᠦᠷ᠎ᠡ ᠪᠦᠲᠦᠭᠡᠯ ᠤᠯᠵᠤ᠂ ᠪᠦᠬᠦ ᠤᠯᠤᠰ ᠤᠨ ᠬᠢᠵᠢᠭ ᠲᠠᠢ ᠲᠡᠮᠡᠴᠡᠬᠦ ᠲᠡᠮᠡᠴᠡᠯ ᠴᠢᠬᠤᠯᠡ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠲᠦᠭᠡᠯ ᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠠᠵᠢᠯ ᠢᠯᠡᠳᠳᠡ ᠦᠷ᠎ᠠ ᠪᠦᠳᠤᠮᠵᠢ ᠤᠯᠪᠠ᠃ ︽ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠲᠤᠬᠠᠢ ᠴᠢᠬᠤᠯᠠ ᠦᠬᠦᠯᠠᠯᠳᠠ ᠶᠢᠨ ᠲᠡᠬᠦᠪᠦᠷᠢ︾ ᠶᠢ ᠬᠡᠪᠯᠠᠨ ᠲᠠᠷᠬᠠᠭᠠᠬᠰᠠᠨ ᠨᠢ ᠦᠷᠬᠡᠨ ᠤᠯᠠᠨ ᠺᠠᠳ᠋ᠷ ᠤᠯᠠᠨ ᠲᠦᠮᠡᠨ ᠤ ᠰᠢ ᠶᠢᠨ ᠫᠢᠩ ᠨᠦᠬᠦᠷ ᠤᠨ ᠬᠤᠯᠪᠤᠬᠳᠠᠯ ᠪᠦᠬᠦᠢ ᠴᠢᠬᠤᠯᠠ ᠦᠬᠦᠯᠠᠯᠳᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠬᠤ᠂ ᠬᠢᠵᠢᠭ ᠲᠠᠢ ᠲᠡᠮᠡᠴᠡᠬᠦ ᠠᠭᠤᠤ ᠶᠡᠭᠡ ᠵᠤᠷᠢᠬ ᠰᠠᠨᠠᠭ᠎ᠠ ᠶᠢ ᠶᠡᠭᠡ ᠪᠠᠷ ᠪᠠᠳᠠᠷᠠᠭᠤᠯᠬᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠬᠦ ᠠᠵᠢᠯ ᠢ ᠰᠠᠶᠢᠳᠤᠷ ᠬᠢᠬᠦ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠲᠠᠶᠢᠯᠠᠯᠳᠤᠭᠠᠨ ᠤ ᠢᠯᠠᠯᠳᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠬᠢᠬᠦ ᠬᠠᠷᠠᠯᠳᠠ ᠡᠬᠦᠷᠬᠡ ᠶᠢ ᠴᠢᠷᠮᠠᠶᠢᠨ ᠪᠡᠶᠡᠯᠡᠬᠦᠯᠬᠦ ᠳᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号