ᠣᠷᠳᠣᠰ ᠬᠤᠲᠠ ᠨᠠᠮᠤᠷ ᠡᠪᠦᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠤᠨᠲᠠᠷᠠᠭᠠᠬᠤ ᠠᠵᠢᠯ ᠢᠶᠠᠨ ᠨᠠᠷᠢᠨ ᠨᠢᠮᠪᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/10/15
     ᠬᠡᠭᠡᠷ᠎ᠡ ᠭᠠᠳᠠᠨᠠᠬᠢ ᠭᠠᠯ ᠤᠨ ᠡᠬᠢ ᠶᠢ ᠪᠦᠲᠦᠮᠵᠢᠲᠡᠶ ᠡᠵᠡᠮᠳᠡᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ᠂ ᠬᠤᠣᠰ ᠠᠮᠠᠷᠠᠯᠲᠠ ᠶᠢᠨ ᠬᠤᠭᠤᠴᠠᠭ᠎ᠠ ᠵᠢᠴᠢ ᠨᠠᠮᠤᠷ ᠡᠪᠦᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠤᠨᠲᠠᠷᠠᠭᠠᠬᠤ ᠠᠵᠢᠯ ᠤᠨ ᠲᠣᠭᠲᠠᠭᠤᠨ ᠢ ᠪᠠᠲᠤᠯᠠᠬᠤ ᠶᠢᠨ ᠲᠤᠰᠠᠳᠠ᠂ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠨᠠᠮᠤᠷ ᠡᠪᠦᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠤᠨᠲᠠᠷᠠᠭᠠᠬᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠣᠷᠳᠣᠰ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ ᠨᠢ ︽ᠨᠠᠢᠮᠠᠨ ᠰᠠᠷ᠎ᠠ ᠶᠢᠨ ᠠᠷᠪᠠᠨ ᠲᠠᠪᠤᠨ︾ ︽ᠤᠯᠤᠰ ᠤᠨ ᠪᠠᠶᠠᠷ︾ ᠵᠢᠴᠢ ᠨᠠᠮᠤᠷ ᠡᠪᠦᠯ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠤᠨᠲᠠᠷᠠᠭᠠᠬᠤ ᠠᠵᠢᠯ ᠢᠶᠠᠨ ᠨᠠᠷᠢᠨ ᠨᠢᠮᠪᠠᠢ ᠪᠠᠶᠢᠷᠢᠯᠠᠭᠤᠯᠵᠠᠢ᠃      ᠨᠢᠭᠡ ᠳᠤ ᠡᠯ᠎ᠡ ᠬᠤᠰᠢᠭᠤ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠦᠬᠦ ᠤᠯᠤᠰ᠂ ᠪᠦᠬᠦ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠤᠨᠲᠠᠷᠠᠭᠠᠬᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ᠂ ᠨᠠᠷᠢᠨ ᠨᠢᠮᠪᠠᠶ ᠲᠣᠬᠢᠷᠠᠭᠤᠯᠵᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠤᠨᠲᠠᠷᠠᠭᠠᠬᠤ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠤᠨᠲᠠᠷᠠᠭᠠᠬᠤ ᠠᠵᠢᠯ ᠢᠶᠠᠨ ᠲᠠᠰᠤᠷᠠᠯᠲᠠ ᠦᠭᠡᠢ ᠴᠢᠩᠭᠠᠳᠬᠠᠵᠠᠢ᠃      ᠬᠤᠶᠠᠷ ᠲᠤ ᠭᠤᠤᠯᠳᠠᠯᠭ᠎ᠠ ᠪᠠᠨ ᠳᠣᠪᠤᠶᠢᠯᠭᠠᠨ᠂ ᠬᠢᠨᠠᠮᠠᠭᠠᠶ ᠰᠤᠳᠤᠯᠵᠤ᠂ ᠲᠦᠢᠯ ᠤᠨ ᠣᠨᠣᠪᠴᠢᠲᠠᠶ ᠪᠠᠷ ᠰᠤᠳᠤᠯᠤᠨ ᠮᠠᠭᠠᠳᠯᠠᠵᠤ᠂ ᠠᠷᠭ᠎ᠠ ᠪᠠᠷᠢᠯ ᠢᠶᠠᠨ ᠰᠢᠨᠡᠴᠢᠯᠡᠨ᠂ ᠬᠡᠭᠡᠷ᠎ᠡ ᠭᠠᠳᠠᠨᠠᠬᠢ ᠭᠠᠯ ᠤᠨ ᠡᠬᠢ ᠶᠢᠨ ᠬᠠᠮᠢᠶᠠᠷᠤᠯᠲᠠ ᠶᠢ ᠰᠠᠶᠢᠲᠤᠷ ᠠᠳᠬᠤᠵᠠᠢ᠃      ᠭᠤᠷᠪᠠ ᠳᠤ ᠤᠬᠠᠭᠤᠯᠭ᠎ᠠ ᠪᠠᠨ ᠴᠢᠩᠭᠠᠳᠬᠠᠵᠤ᠂ ᠭᠠᠯ ᠤᠨ ᠠᠶᠤᠯ ᠢ ᠰᠡᠷᠭᠡᠶᠢᠯᠡᠬᠦ ᠤᠨᠲᠠᠷᠠᠭᠠᠬᠤ ᠮᠡᠳᠡᠯᠭᠡ ᠶᠢ ᠰᠢᠭᠤᠶᠢᠲᠤ ᠣᠷᠣᠨ ᠳᠤ ᠲᠦᠭᠡᠮᠡᠯᠵᠢᠭᠦᠯᠬᠦ᠂ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠬᠦ᠂ ᠪᠠᠯᠭᠠᠰᠤ ᠴᠤᠭᠯᠠᠭ᠎ᠠ ᠳᠤ ᠲᠦᠭᠡᠮᠡᠯᠵᠢᠭᠦᠯᠬᠦ᠂ ᠰᠢᠶᠠᠩ ᠨᠢᠭᠡᠳᠦᠯ ᠳᠤ ᠲᠦᠭᠡᠮᠡᠯᠵᠢᠭᠦᠯᠬᠦ᠂ ᠠᠵᠤ ᠠᠬᠤᠶᠢᠯᠠᠯ ᠳᠤ ᠲᠦᠭᠡᠮᠡᠯᠵᠢᠭᠦᠯᠬᠦ᠂ ᠨᠡᠶᠢᠭᠡᠮ ᠲᠣᠭᠤᠷᠢᠭ ᠲᠤ ᠲᠦᠭᠡᠮᠡᠯᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠤᠯᠠᠮ ᠨᠢᠭᠡ ᠠᠯᠬᠤᠮ ᠴᠢᠩᠭᠠᠷᠠᠭᠤᠯᠪᠠ᠃ ᠪᠦᠬᠦ ᠠᠷᠠᠳ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠤᠨᠲᠠᠷᠠᠭᠠᠬᠤ ᠦᠵᠡᠯ ᠤᠬᠠᠮᠰᠠᠷ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠠᠢ᠃      ᠳᠥᠷᠪᠡ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠨ ᠴᠢᠩᠭᠠᠳᠬᠠᠵᠤ᠂ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠴᠠᠭ ᠢᠮᠠᠭᠲᠠ ᠳᠠᠶᠢᠨ ᠤ ᠪᠡᠯᠡᠳᠬᠡᠯ ᠤᠨ ᠪᠠᠶᠢᠳᠠᠯ ᠳᠤ ᠪᠠᠶᠢᠵᠤ᠂ ᠭᠤᠤᠯᠳᠠᠯᠭ᠎ᠠ ᠲᠠᠢ ᠭᠠᠵᠠᠷ ᠪᠣᠯᠤᠨ ᠵᠠᠩᠭᠢᠯᠠᠭ᠎ᠠ ᠶᠢᠨ ᠭᠠᠵᠠᠷ ᠲᠤ ᠡᠷᠲᠡ ᠠᠴᠠ ᠰᠡᠷᠭᠡᠶᠢᠯᠡᠨ ᠰᠠᠭᠤᠵᠤ᠂ ᠭᠠᠯ ᠤᠨ ᠠᠶᠤᠯ ᠢ ᠡᠷᠲᠡ ᠣᠯᠵᠤ ᠮᠡᠳᠡᠬᠦ᠂ ᠡᠷᠲᠡ ᠰᠢᠢᠳᠪᠦᠷᠢᠯᠡᠬᠦ᠂ ᠡᠷᠲᠡ ᠤᠨᠲᠠᠷᠠᠭᠠᠬᠤ ᠶᠢ ᠦᠨᠡᠨ ᠬᠦ ᠪᠠᠲᠤᠯᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号