| | | 10 ᠰᠠᠷ᠎ᠠ ᠶᠢᠨ 14 ᠤ ᠡᠳᠦᠷ᠂ ᠱᠧᠨᠵᠧᠨ ᠤ ᠠᠵᠤ ᠠᠬᠤᠢ ᠶᠢᠨ ᠤᠨᠴᠠᠭᠠᠢ ᠤᠷᠤᠨ ᠪᠠᠶᠢᠭᠤᠯᠤᠭᠳᠠᠭᠰᠠᠨ | 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠭᠤᠸᠠᠩᠳᠦ᠋ᠩ ᠮᠤᠵᠢ ᠶᠢᠨ ᠱᠧᠨᠵᠧᠨ ᠬᠤᠳᠠ ᠳᠤ ᠦᠪᠡᠳᠡᠭᠰᠢ | ᠶᠡᠭᠡ ᠪᠠᠷ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ | ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠤᠷᠠᠯ ᠳᠡᠭᠡᠷ᠎ᠠ ᠴᠢᠬᠤᠯᠠ ᠶᠠᠷᠢᠶ᠎ᠠ | ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠤᠢ ᠫᠧᠩ ᠰᠡᠭᠦᠳᠡᠷᠯᠡᠪᠡ | | | | | 10 ᠰᠠᠷ᠎ᠠ ᠶᠢᠨ 14 ᠤ ᠡᠳᠦᠷ᠂ ᠱᠧᠨᠵᠧᠨ ᠤ ᠠᠵᠤ ᠠᠬᠤᠢ ᠶᠢᠨ ᠤᠨᠴᠠᠭᠠᠢ ᠤᠷᠤᠨ ᠪᠠᠶᠢᠭᠤᠯᠤᠭᠳᠠᠭᠰᠠᠨ | 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠭᠤᠸᠠᠩᠳᠦ᠋ᠩ ᠮᠤᠵᠢ ᠶᠢᠨ ᠱᠧᠨᠵᠧᠨ ᠬᠤᠳᠠ ᠳᠤ ᠦᠪᠡᠳᠡᠭᠰᠢ | ᠶᠡᠭᠡ ᠪᠠᠷ ᠬᠤᠷᠠᠯᠳᠤᠪᠠ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ | ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠤᠷᠠᠯ ᠳᠡᠭᠡᠷ᠎ᠠ ᠴᠢᠬᠤᠯᠠ ᠶᠠᠷᠢᠶ᠎ᠠ | ᠲᠠᠯᠪᠢᠪᠠ᠃ ᠵᠢᠷᠤᠭ ᠪᠤᠯ ᠲᠤᠰ ᠡᠳᠦᠷ ᠤᠨ ᠦᠳᠠ ᠶᠢᠨ ᠬᠤᠶᠢᠨ᠎ᠡ᠂ ᠰᠢ ᠶᠢᠨ ᠫᠢᠩ ᠯᠢᠶᠠᠨ ᠬᠤᠸᠠ ᠱᠠᠨ | ᠴᠡᠴᠡᠷᠯᠢᠭ ᠲᠤ ᠬᠦᠷᠴᠤ᠂ ᠳ᠋ᠧᠩ ᠰᠢᠶᠤᠤ ᠫᠢᠩ ᠨᠦᠬᠦᠷ ᠤᠨ ᠬᠦᠷᠡᠯ ᠱᠤᠭᠤᠮᠠᠯ ᠳᠤ ᠰᠠᠭᠰᠤᠳᠤ ᠴᠡᠴᠡᠭ ᠬᠦᠷᠭᠡᠵᠤ | ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | | ᠰᠢᠨᠬᠤᠸᠠ ᠬᠤᠷᠢᠶᠠᠨ ᠤ ᠱᠧᠨᠵᠧᠨ ᠤ 10 ᠰᠠᠷ᠎ᠠ ᠶᠢᠨ 14 ᠤ ᠴᠠᠬᠢᠯᠭᠠᠨ ᠮᠡᠳᠡᠭᠡ ᠱᠧᠨᠵᠧᠨ ᠤ ᠠᠵᠤ | ᠠᠬᠤᠢ ᠶᠢᠨ ᠤᠨᠴᠠᠭᠠᠢ ᠤᠷᠤᠨ ᠪᠠᠶᠢᠭᠤᠯᠤᠭᠳᠠᠭᠰᠠᠨ 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ 14 ᠤ | ᠦᠳᠡ ᠶᠢᠨ ᠡᠮᠦᠨ᠎ᠠ ᠭᠤᠸᠠᠩᠳᠦ᠋ᠩ ᠮᠤᠵᠢ ᠶᠢᠨ ᠱᠧᠨᠵᠧᠨ ᠬᠤᠳᠠ ᠳᠤ ᠦᠪᠡᠳᠡᠭᠰᠢ ᠶᠡᠭᠡ ᠪᠠᠷ ᠬᠤᠷᠠᠯᠳᠤᠪᠠ᠃ | ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠬᠤ ᠳᠠᠭᠠᠨ᠂ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ | ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠦᠨ | ᠠᠬᠢᠭᠤᠯᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ | ᠵᠤᠬᠢᠴᠠᠭᠤᠯᠤᠨ ᠠᠬᠢᠭᠤᠯᠵᠦ᠂ ᠮᠠᠨ ᠤ ᠤᠯᠤᠰ ᠰᠢᠨ᠎ᠠ ᠬᠦᠭᠵᠢᠯᠳᠠ ᠶᠢᠨ ᠱᠠᠳᠤᠨ ᠳᠤ ᠤᠷᠤᠬᠰᠠᠨ ᠶᠡᠭᠡ | ᠲᠠᠯ᠎ᠠ ᠠᠴᠠ ᠡᠬᠦᠰᠦᠨ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠨᠠᠶᠢᠳᠠᠪᠤᠷᠢᠵᠢᠭᠤᠯᠵᠦ᠂ ᠴᠢᠨᠠᠷ ᠰᠠᠶᠢᠳᠠᠢ | ᠬᠦᠭᠵᠢᠯᠳᠠ ᠶᠢ ᠠᠬᠢᠭᠤᠯᠬᠤ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠪᠦᠷᠢᠯᠳᠦᠬᠦᠯᠬᠦ ᠲᠠᠢ ᠨᠢᠬᠳᠠ | ᠤᠶᠠᠯᠳᠤᠭᠤᠯᠤᠨ᠂ ᠴᠤᠴᠠᠯᠳᠠ ᠦᠭᠡᠢ ᠤᠷᠤᠬᠰᠢᠯᠠᠬᠤ ᠲᠡᠮᠡᠴᠡᠯ ᠤᠨ ᠤᠪᠤᠷ ᠪᠠᠶᠢᠳᠠᠯ᠂ ᠰᠡᠯᠬᠢ ᠪᠤᠷᠤᠭᠠᠨ ᠳᠤ | ᠰᠠᠭᠠᠳᠠᠯ ᠦᠭᠡᠢ ᠤᠷᠤᠬᠰᠢᠯᠠᠬᠤ ᠤᠶᠤᠨ ᠰᠠᠨᠠᠭᠠᠨ ᠤ ᠲᠦᠷᠰᠦ ᠪᠠᠶᠢᠳᠠᠯ ᠢᠶᠠᠷ ᠦᠭᠡᠷᠡᠴᠢᠯᠡᠯᠳᠠ ᠶᠢ ᠲᠠᠰᠤᠷᠠᠯᠳᠠ | ᠦᠭᠡᠢ᠂ ᠨᠡᠭᠡᠭᠡᠯᠳᠠ ᠶᠢ ᠵᠤᠬᠰᠤᠰᠢ ᠦᠭᠡᠢ ᠬᠢᠵᠦ᠂ ᠨᠡᠩ ᠦᠨᠳᠦᠷ ᠭᠠᠷᠤᠭ᠎ᠠ ᠠᠴᠠ ᠦᠭᠡᠷᠡᠴᠢᠯᠡᠯᠳᠠ ᠨᠡᠭᠡᠭᠡᠯᠳᠠ ᠶᠢ | ᠠᠬᠢᠭᠤᠯᠵᠦ᠂ ᠠᠵᠤ ᠠᠬᠤᠢ ᠶᠢᠨ ᠤᠨᠴᠠᠭᠠᠢ ᠤᠷᠤᠨ ᠤ ᠠᠵᠢᠯ ᠤᠨ ᠰᠢᠨ᠎ᠠ ᠪᠠᠶᠢᠳᠠᠯ ᠢ ᠡᠬᠦᠳᠬᠦ ᠶᠢ ᠠᠬᠢᠭᠤᠯᠤᠨ᠂ | ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠲᠡᠢ | ᠭᠡᠵᠦ ᠴᠢᠬᠤᠯᠠᠴᠢᠯᠠᠪᠠ᠃ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠳᠡᠳ᠋ ᠶᠡᠷᠦᠩᠭᠡᠢ ᠰᠠᠶᠢᠳ ᠬᠠᠨ ᠵᠧᠩ ᠶᠡᠭᠡ ᠬᠤᠷᠠᠯ ᠳᠤ ᠤᠷᠤᠯᠴᠠᠵᠠᠢ᠃ | ᠱᠧᠨᠵᠧᠨ ᠤ ᠴᠢᠶᠠᠨᠬᠠᠢ ᠤᠯᠠᠨ ᠤᠯᠤᠰ ᠤᠨ ᠬᠤᠷᠠᠯ ᠤᠨ ᠲᠦᠪ ᠲᠤ ᠦᠩᠭᠡᠳᠦ ᠳ᠋ᠧᠩ ᠭᠡᠷᠡᠯᠳᠦᠵᠦ᠂ ᠬᠦᠷ | ᠬᠦᠭᠵᠢᠶᠡᠨ ᠢᠶᠠᠷ ᠪᠢᠯᠬᠠᠨ᠎ᠠ᠃ ᠬᠤᠷᠠᠯ ᠤᠨ ᠲᠠᠯᠠᠪᠠᠢ ᠳᠤ᠄ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠤᠬ | ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠤᠷᠢᠳ ᠢᠶᠠᠷ ᠭᠡᠷᠡᠭᠵᠢᠬᠦᠯᠬᠦ ᠵᠢᠱᠢᠶ᠎ᠠ ᠦᠵᠡᠬᠦᠯᠬᠦ ᠤᠷᠤᠨ ᠢ ᠪᠦᠳᠦᠭᠡᠨ | ᠪᠠᠶᠢᠭᠤᠯᠬᠤ ᠴᠢᠭᠯᠡᠯ ᠲᠡᠶᠢᠰᠢ ᠤᠷᠤᠬᠰᠢᠯᠠᠨ᠂ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠢᠭᠤᠯᠬᠤ ᠰᠢᠨ᠎ᠠ ᠠᠶᠠᠨ ᠢ ᠡᠬᠢᠯᠡᠬᠦᠯᠬᠦ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠰᠦᠭᠡᠢ︕ | ᠭᠡᠬᠦ ᠬᠦᠨᠳᠡᠯᠡᠨ ᠪᠢᠴᠢᠭᠡᠰᠦ ᠶᠢ ᠡᠯᠬᠦᠵᠡᠢ᠃ | 10 ᠴᠠᠭ 30 ᠮᠢᠨᠦ᠋ᠲ ᠲᠤ᠂ ᠶᠡᠭᠡ ᠬᠤᠷᠠᠯ ᠡᠬᠢᠯᠡᠪᠡ᠃ ᠪᠦᠬᠦᠳᠡᠭᠡᠷ ᠢᠶᠠᠨ ᠪᠤᠰᠴᠦ ᠵᠤᠬᠰᠤᠨ | ᠤᠯᠤᠰ ᠤᠨ ᠰᠦᠯᠳᠠ ᠳᠠᠭᠤᠤ ᠶᠢ ᠳᠠᠭᠤᠯᠠᠵᠠᠭᠠᠪᠠ᠃ | ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ ᠲᠡᠷᠡ᠂ | ᠠᠵᠤ ᠠᠬᠤᠢ ᠶᠢᠨ ᠤᠨᠴᠠᠭᠠᠢ ᠤᠷᠤᠨ ᠢ ᠪᠠᠶᠢᠭᠤᠯᠬᠤ ᠪᠤᠯ ᠨᠠᠮ ᠪᠤᠯᠤᠨ ᠤᠯᠤᠰ ᠠᠴᠠ ᠦᠭᠡᠷᠡᠴᠢᠯᠡᠯᠳᠠ ᠨᠡᠭᠡᠭᠡᠯᠳᠠ | ᠪᠠ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠶᠢᠨ ᠲᠦᠯᠦᠭᠡ ᠬᠢᠭᠰᠡᠨ | ᠠᠭᠤᠤ ᠶᠡᠭᠡ ᠪᠦᠳᠦᠭᠡᠯᠴᠢ ᠠᠵᠢᠯᠯᠠᠭ᠎ᠠ ᠮᠦᠨ᠃ ᠤᠷᠳᠤ ᠬᠤᠭᠤᠴᠠᠭᠠᠨ ᠤ ᠲᠤᠷᠰᠢ᠂ ᠨᠠᠮ ᠤᠨ ᠲᠦᠪ ᠬᠤᠷᠢᠶᠠᠨ ᠤ | ᠪᠠᠳᠤ ᠴᠢᠩᠭ᠎ᠠ ᠤᠳᠤᠷᠢᠳᠤᠯᠭ᠎ᠠ ᠪᠠ ᠪᠦᠬᠦ ᠤᠯᠤᠰ ᠤᠨ ᠬᠦᠴᠦᠳᠠᠢ ᠳᠡᠮᠵᠢᠯᠭᠡ ᠳᠤᠤᠷ᠎ᠠ᠂ ᠡᠯ᠎ᠠ ᠠᠵᠤ ᠠᠬᠤᠢ ᠶᠢᠨ | ᠤᠨᠴᠠᠭᠠᠢ ᠤᠷᠤᠨ ᠦᠵᠡᠯ ᠰᠠᠨᠠᠭ᠎ᠠ ᠪᠠᠨ ᠴᠢᠯᠦᠭᠡᠯᠡᠵᠦ᠂ ᠦᠭᠡᠷᠡᠴᠢᠯᠡᠯᠳᠠ ᠬᠢᠵᠦ ᠰᠢᠨ᠎ᠠ ᠶᠢ ᠡᠬᠦᠳᠦᠨ᠂ | ᠵᠤᠷᠢᠭᠳᠠᠢ ᠪᠠᠷ ᠬᠠᠷᠢᠭᠤᠴᠠᠯᠭ᠎ᠠ ᠡᠬᠦᠷᠭᠡᠯᠡᠵᠦ᠂ ᠡᠷᠡᠮᠡᠭᠡᠶᠢᠯᠡᠨ ᠤᠷᠤᠬᠰᠢᠯᠠᠵᠦ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠢ ᠪᠦᠳᠦᠭᠡᠨ ᠪᠠᠶᠢᠭᠤᠯᠬᠤ ᠠᠭᠤᠤ ᠶᠡᠭᠡ ᠶᠠᠪᠤᠴᠠ ᠳᠤᠮᠳᠠ ᠤᠷᠤᠰᠬᠠᠯ ᠤᠨ ᠡᠮᠦᠨ᠎ᠠ | ᠵᠤᠷᠢᠬᠳᠠᠢ ᠬᠤᠰᠢᠭᠤᠷᠠᠵᠦ᠂ ᠵᠠᠮ ᠨᠡᠭᠡᠭᠡᠨ ᠤᠷᠤᠭᠰᠢᠯᠠᠬᠤ ᠭᠠᠶᠢᠬᠠᠮᠰᠢᠬᠳᠤ ᠬᠠᠭᠤᠳᠠᠰᠤ ᠶᠢ ᠪᠢᠴᠢᠭᠯᠡᠨ᠂ ᠪᠦᠬᠦ | ᠤᠯᠤᠰ ᠤᠨ ᠦᠭᠡᠷᠡᠴᠢᠯᠡᠯᠳᠠ ᠨᠡᠭᠡᠭᠡᠯᠳᠠ ᠪᠠ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ | ᠪᠠᠶᠢᠭᠤᠯᠤᠯᠳᠠ ᠳᠤ ᠴᠢᠬᠤᠯᠠ ᠶᠡᠭᠡ ᠬᠤᠪᠢ ᠨᠡᠮᠡᠷᠢ ᠦᠵᠡᠬᠦᠯᠵᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠲᠦᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠡᠮᠦᠨ᠎ᠠ ᠠᠴᠠ ᠠᠵᠤ ᠠᠬᠤᠢ ᠶᠢᠨ ᠤᠨᠴᠠᠭᠠᠢ ᠤᠷᠤᠨ ᠤ ᠦᠷᠭᠡᠨ ᠤᠯᠠᠨ ᠪᠦᠳᠦᠭᠡᠨ | ᠪᠠᠶᠢᠭᠤᠯᠤᠬᠴᠢ᠂ ᠠᠵᠤ ᠠᠬᠤᠢ ᠶᠢᠨ ᠤᠨᠴᠠᠭᠠᠢ ᠤᠷᠤᠨ ᠤ ᠪᠦᠳᠦᠭᠡᠨ ᠪᠠᠶᠢᠭᠤᠯᠤᠯᠳᠠ ᠳᠤ ᠬᠤᠪᠢ ᠨᠡᠮᠡᠷᠢ | ᠦᠵᠡᠬᠦᠯᠦᠭᠰᠡᠨ ᠪᠤᠢ ᠪᠦᠬᠦᠢ ᠨᠦᠬᠦᠳ ᠲᠤ ᠴᠢᠩ ᠰᠡᠳᠬᠢᠯ ᠤᠨ ᠮᠡᠨᠳᠤᠴᠢᠯᠡᠯ ᠬᠦᠷᠭᠡᠪᠡ︕ ᠤᠯᠠᠨ ᠵᠤᠴᠢᠨ᠂ | ᠠᠵᠤ ᠠᠬᠤᠢ ᠶᠢᠨ ᠤᠨᠴᠠᠭᠠᠢ ᠤᠷᠤᠨ ᠤ ᠪᠦᠳᠦᠭᠡᠨ ᠪᠠᠶᠢᠭᠤᠯᠤᠯᠳᠠ ᠶᠢ ᠬᠠᠯᠠᠮᠵᠢᠯᠠᠨ ᠳᠡᠮᠵᠢᠵᠦ ᠪᠠᠶᠢᠭ᠎ᠠ ᠤᠯᠤᠰ ᠤᠨ | ᠳᠤᠳᠤᠭᠠᠳᠦ ᠭᠠᠳᠠᠭᠠᠳᠦ ᠶᠢᠨ ᠡᠯ᠎ᠠ ᠡᠳᠡᠭᠡᠳ ᠤᠨ ᠬᠦᠮᠦᠰ ᠲᠤ ᠴᠢᠩ ᠰᠡᠳᠬᠢᠯ ᠠᠴᠠ ᠪᠠᠨ ᠳᠠᠯᠠᠷᠬᠠᠵᠦ ᠪᠠᠶᠢᠬᠤ ᠪᠠᠨ | ᠢᠯᠡᠳᠭᠡᠵᠡᠢ︕ | ᠰᠢ ᠶᠢᠨ ᠫᠢᠩ᠂ ᠱᠧᠨᠵᠧᠨ ᠪᠤᠯ ᠦᠭᠡᠷᠡᠴᠢᠯᠡᠯᠳᠠ ᠨᠡᠭᠡᠭᠡᠯᠳᠠ ᠬᠢᠭᠰᠡᠨ ᠤ ᠳᠠᠷᠠᠭᠠᠬᠢ ᠨᠠᠮ ᠪᠤᠯᠤᠨ ᠠᠷᠠᠳ | ᠲᠦᠮᠡᠨ ᠤ ᠴᠤᠬᠴᠠᠯᠠᠨ ᠪᠠᠶᠢᠭᠤᠯᠤᠭᠰᠠᠨ ᠴᠣ ᠰᠢᠨ᠎ᠠ ᠬᠤᠳᠠ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠬᠤᠭᠤᠰᠤᠨ ᠴᠠᠭᠠᠰᠤᠨ ᠳᠡᠭᠡᠷ᠎ᠠ ᠵᠢᠷᠤᠬᠰᠠᠨ ᠭᠤᠶᠢᠳᠠ ᠵᠢᠷᠤᠬ ᠮᠦᠨ᠃ 40 ᠵᠢᠯ ᠤᠨ ᠲᠤᠷᠰᠢ᠂ | ᠱᠧᠨᠵᠧᠨ ᠤ ᠬᠢᠨ ᠨᠡᠶᠢᠭᠡᠮ ᠤᠨ ᠦᠢᠯᠡᠳᠪᠤᠷᠢᠯᠡᠯ ᠤᠨ ᠬᠦᠴᠦ ᠶᠢ ᠴᠢᠯᠦᠭᠡᠯᠡᠨ ᠬᠦᠭᠵᠢᠬᠦᠯᠬᠦ ᠪᠠᠷ ᠬᠦᠴᠦᠯᠡᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠡᠬᠦᠳᠦᠯᠳᠠ ᠶᠢ ᠶᠡᠭᠡ ᠪᠠᠷ ᠠᠬᠢᠭᠤᠯᠤᠨ᠂ ᠬᠤᠴᠤᠷᠤᠩᠭᠤᠢ | ᠬᠢᠯᠢ ᠶᠢᠨ ᠪᠠᠭ᠎ᠠ ᠪᠠᠯᠭᠠᠰᠤ ᠪᠠᠶᠢᠬᠰᠠᠨ ᠠᠴᠠ ᠪᠦᠬᠦ ᠪᠦᠮᠪᠦᠷᠴᠡᠭ ᠲᠤ ᠨᠦᠯᠦᠭᠡ ᠲᠠᠢ ᠤᠯᠠᠨ ᠤᠯᠤᠰᠴᠢᠯᠠᠬᠰᠠᠨ | ᠲᠤᠮᠤ ᠬᠤᠳᠠ ᠪᠤᠯᠬᠤ ᠲᠡᠦᠭᠡᠳᠦ ᠴᠢᠨᠠᠷᠳᠠᠢ ᠲᠠᠪᠠᠯᠳᠠ ᠶᠢ ᠪᠡᠶᠡᠯᠡᠬᠦᠯᠪᠡ︔ ᠦᠵᠡᠯ ᠰᠠᠨᠠᠭ᠎ᠠ ᠪᠠᠨ ᠴᠢᠯᠦᠭᠡᠯᠡᠵᠦ᠂ | ᠴᠠᠭ ᠦᠶ᠎ᠠ ᠶᠢ ᠲᠠᠭᠠᠨ ᠪᠦᠬᠦ ᠲᠠᠯ᠎ᠠ ᠪᠠᠷ ᠤᠷᠤᠬᠰᠢᠯᠠᠬᠤ ᠶᠢ ᠪᠠᠷᠢᠮᠳᠠᠯᠠᠵᠦ᠂ ᠵᠠᠬ᠎ᠠ ᠳᠡᠯᠭᠡᠬᠦᠷ ᠤᠨ ᠬᠠᠨᠳᠤᠰᠢ ᠶᠢᠨ | ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠲᠦᠷᠦᠬᠦᠯᠡᠨ ᠬᠢᠵᠦ᠂ ᠠᠵᠤ ᠠᠬᠤᠢ ᠶᠢᠨ | ᠪᠠᠶᠢᠭᠤᠯᠤᠮᠵᠢ ᠶᠢᠨ ᠦᠭᠡᠷᠡᠴᠢᠯᠡᠯᠳᠠ ᠠᠴᠠ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠲᠡᠦᠭᠡᠳᠦ | ᠴᠢᠨᠠᠷᠳᠠᠢ ᠲᠠᠪᠠᠯᠳᠠ ᠶᠢ ᠪᠡᠶᠡᠯᠡᠬᠦᠯᠪᠡ︔ ︽ᠤᠷᠤᠭᠤᠯᠵᠦ ᠠᠪᠴᠢᠷᠠᠬᠤ︾ ᠪᠠ ︽ᠭᠠᠳᠠᠬᠰᠢ ᠭᠠᠷᠬᠤ︾ ᠶᠢ | ᠭᠡᠷᠡᠭᠵᠢᠬᠦᠯᠬᠦ ᠶᠢ ᠪᠠᠷᠢᠮᠳᠠᠯᠠᠵᠦ᠂ ᠤᠯᠠᠨ ᠤᠯᠤᠰ ᠪᠠ ᠤᠯᠤᠰ ᠤᠨ ᠳᠤᠳᠤᠭᠠᠳᠦ ᠶᠢᠨ ᠬᠤᠶᠠᠷ ᠶᠡᠭᠡ ᠵᠠᠬ᠎ᠠ ᠳᠡᠯᠭᠡᠬᠦᠷ᠂ | ᠬᠤᠶᠠᠷ ᠵᠦᠢᠯ ᠤᠨ ᠡᠬᠢ ᠪᠠᠶᠠᠯᠢᠭ ᠢ ᠢᠳᠡᠪᠬᠢᠳᠠᠢ ᠠᠰᠢᠬᠯᠠᠨ᠂ ᠪᠦᠬᠦ ᠪᠦᠮᠪᠦᠷᠴᠡᠭ ᠤᠨ ᠪᠡᠯᠡ ᠤᠷᠤᠭᠤᠯᠤᠯᠳᠠ ᠶᠢ | ᠢᠳᠡᠪᠬᠢᠳᠠᠢ ᠳᠠᠳᠠᠵᠦ᠂ ᠭᠠᠳᠠᠭᠠᠳᠦ ᠤᠷᠤᠭᠤᠯᠤᠯᠳᠠ ᠭᠠᠷᠭᠠᠯᠳᠠ ᠶᠢᠨ ᠠᠷᠠᠯᠵᠢᠶ᠎ᠠ ᠪᠠᠷ ᠭᠤᠤᠯ ᠪᠤᠯᠭᠠᠵᠦ | ᠪᠠᠶᠢᠬᠰᠠᠨ ᠠᠴᠠ ᠪᠠᠨ ᠪᠦᠬᠦ ᠲᠠᠯ᠎ᠠ ᠶᠢᠨ ᠦᠨᠳᠦᠷ ᠲᠦᠪᠰᠢᠨ ᠲᠠᠢ ᠭᠠᠳᠠᠭᠠᠳᠦ ᠨᠡᠭᠡᠭᠡᠯᠳᠠ ᠬᠢᠬᠦ ᠲᠡᠦᠭᠡᠳᠦ ᠴᠢᠨᠠᠷᠳᠠᠢ | ᠲᠠᠪᠠᠯᠳᠠ ᠶᠢ ᠪᠡᠶᠡᠯᠡᠬᠦᠯᠪᠡ︔ ᠨᠡᠶᠢᠭᠡᠮ ᠵᠢᠷᠤᠮ ᠤᠨ ᠠᠷᠠᠳᠴᠢᠯᠠᠬᠰᠠᠨ ᠤᠯᠤᠰ ᠲᠦᠷᠦ ᠶᠢ ᠪᠠᠷᠢᠮᠳᠠᠯᠠᠨ | ᠬᠦᠭᠵᠢᠬᠦᠯᠵᠦ᠂ ᠠᠷᠠᠳ ᠲᠦᠮᠡᠨ ᠤ ᠭᠤᠤᠯ ᠴᠤᠬᠴᠠ ᠶᠢᠨ ᠪᠠᠶᠢᠷᠢ ᠰᠠᠭᠤᠷᠢ ᠶᠢ ᠬᠦᠨᠳᠦᠳᠭᠡᠨ᠂ ᠨᠡᠶᠢᠭᠡᠮ | ᠵᠢᠷᠤᠮ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠦ᠂ ᠨᠡᠶᠢᠭᠡᠮ ᠵᠢᠷᠤᠮ ᠤᠨ ᠭᠤᠤᠯᠯᠠᠬᠴᠢ | ᠦᠷᠳᠡᠭ ᠤᠨ ᠦᠵᠡᠯᠳᠠ ᠶᠢ ᠢᠳᠡᠪᠬᠢᠳᠠᠢ ᠪᠤᠶᠢᠵᠢᠭᠤᠯᠤᠨ ᠦᠢᠯᠡᠳᠦᠯᠭᠡᠵᠢᠬᠦᠯᠵᠦ᠂ ᠠᠵᠤ ᠠᠬᠤᠢ ᠶᠢ ᠨᠡᠭᠡᠭᠡᠨ | ᠬᠦᠭᠵᠢᠬᠦᠯᠬᠦ ᠠᠴᠠ ᠨᠡᠶᠢᠭᠡᠮ ᠵᠢᠷᠤᠮ ᠤᠨ ᠪᠤᠳᠠᠰ ᠤᠨ ᠪᠤᠯᠪᠠᠰᠤᠨ᠂ ᠤᠯᠤᠰ ᠲᠦᠷᠦ ᠶᠢᠨ ᠪᠤᠯᠪᠠᠰᠤᠨ᠂ ᠤᠶᠤᠨ ᠤ | ᠪᠤᠯᠪᠠᠰᠤᠨ᠂ ᠨᠡᠶᠢᠭᠡᠮ ᠤᠨ ᠪᠤᠯᠪᠠᠰᠤᠨ᠂ ᠠᠮᠢ ᠠᠬᠤᠢ ᠶᠢᠨ ᠪᠤᠯᠪᠠᠰᠤᠨ ᠢ ᠨᠢᠭᠡᠳᠦᠯᠳᠠᠢ ᠲᠦᠯᠦᠪᠵᠢᠬᠦᠯᠦᠨ | ᠬᠦᠭᠵᠢᠬᠦᠯᠬᠦ ᠲᠡᠦᠭᠡᠳᠦ ᠴᠢᠨᠠᠷᠳᠠᠢ ᠲᠠᠪᠠᠯᠳᠠ ᠶᠢ ᠪᠡᠶᠡᠯᠡᠬᠦᠯᠪᠡ︔ ᠠᠷᠠᠳ ᠲᠦᠮᠡᠨ ᠢᠶᠠᠷ ᠭᠤᠤᠯ ᠪᠤᠯᠭᠠᠬᠤ ᠶᠢ | ᠪᠠᠷᠢᠮᠳᠠᠯᠠᠵᠦ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠶᠡᠭᠡ ᠪᠠᠷ ᠳᠡᠭᠡᠭᠰᠢᠯᠡᠬᠦᠯᠵᠦ᠂ ᠰᠤᠷᠭᠠᠨ ᠬᠦᠮᠦᠵᠢᠯ᠂ | ᠡᠮ ᠡᠮᠨᠡᠯᠭᠡ᠂ ᠤᠷᠤᠨ ᠰᠠᠭᠤᠴᠠ ᠵᠡᠷᠭᠡ ᠲᠠᠯ᠎ᠠ ᠪᠠᠷ ᠲᠡᠭᠷᠢ ᠭᠠᠵᠠᠷ ᠢ ᠲᠤᠩᠰᠤᠯᠭᠠᠮ᠎ᠠ ᠬᠤᠪᠢᠷᠠᠯᠳᠠ ᠭᠠᠷᠭᠠᠵᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠳᠠ ᠶᠢ ᠡᠩ ᠲᠡᠷᠢᠬᠦᠨ ᠳᠤ ᠪᠡᠶᠡᠯᠡᠬᠦᠯᠦᠨ᠂ ᠢᠳᠡᠵᠦ | ᠡᠮᠦᠰᠬᠦ ᠠᠰᠠᠭᠤᠳᠠᠯ ᠢ ᠰᠢᠢᠳᠪᠤᠷᠢᠯᠡᠬᠦ ᠠᠴᠠ ᠴᠢᠨᠠᠷ ᠰᠠᠶᠢᠳᠠᠢ ᠪᠦᠬᠦ ᠲᠠᠯ᠎ᠠ ᠶᠢᠨ ᠴᠢᠨᠡᠭᠡᠯᠢᠭᠵᠢᠯ ᠬᠦᠷᠳᠡᠯᠡᠬᠢ | ᠲᠡᠦᠭᠡᠳᠦ ᠴᠢᠨᠠᠷᠳᠠᠢ ᠲᠠᠪᠠᠯᠳᠠ ᠶᠢ ᠪᠡᠶᠡᠯᠡᠬᠦᠯᠪᠡ᠃ ᠨᠠᠮ ᠤᠨ ᠲᠦᠪ ᠬᠤᠷᠢᠶᠠᠨ ᠤ ᠠᠵᠤ ᠠᠬᠤᠢ ᠶᠢᠨ ᠤᠨᠴᠠᠭᠠᠢ | ᠤᠷᠤᠨ ᠢ ᠪᠠᠶᠢᠭᠤᠯᠬᠤ ᠲᠤᠬᠠᠢ ᠪᠠᠶᠢᠯᠳᠤᠬᠤ ᠪᠤᠳᠤᠯᠭ᠎ᠠ ᠶᠢᠨ ᠰᠢᠢᠳᠪᠤᠷᠢᠳᠦ ᠪᠤᠳᠤᠯᠭ᠎ᠠ ᠪᠤᠯ ᠪᠦᠷᠢᠨ ᠵᠦᠪ ᠪᠠᠶᠢᠭ᠎ᠠ | ᠶᠤᠮ᠃ ᠠᠵᠤ ᠠᠬᠤᠢ ᠶᠢᠨ ᠤᠨᠴᠠᠭᠠᠢ ᠤᠷᠤᠨ ᠢ ᠦᠷᠬᠦᠯᠵᠢᠯᠡᠨ ᠬᠦᠭᠵᠢᠬᠦᠯᠬᠦ ᠪᠠᠷ ᠪᠠᠷᠠᠬᠤ ᠦᠭᠡᠢ ᠪᠠᠰᠠ ᠨᠡᠩ | ᠰᠠᠶᠢᠨ ᠨᠡᠩ ᠦᠨᠳᠦᠷ ᠲᠦᠪᠰᠢᠨ ᠲᠠᠢ ᠬᠦᠭᠵᠢᠬᠦᠯᠬᠦ ᠭᠡᠷᠡᠭᠲᠡᠢ ᠭᠡᠳᠡᠭ ᠢ ᠱᠧᠨᠵᠧᠨ ᠵᠡᠷᠭᠡ ᠠᠵᠤ ᠠᠬᠤᠢ ᠶᠢᠨ | ᠤᠨᠴᠠᠭᠠᠢ ᠤᠷᠤᠨ ᠤ ᠠᠮᠵᠢᠯᠳᠠᠳᠠᠢ ᠦᠢᠯᠡᠳᠦᠯᠭᠡ ᠬᠦᠢᠴᠡᠳ ᠭᠡᠷᠡᠴᠢᠯᠡᠵᠠᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠱᠧᠨᠵᠧᠨ ᠵᠡᠷᠭᠡ ᠠᠵᠤ ᠠᠬᠤᠢ ᠶᠢᠨ ᠤᠨᠴᠠᠭᠠᠢ ᠤᠷᠤᠨ ᠤ 40 ᠵᠢᠯ ᠤᠨ ᠦᠭᠡᠷᠡᠴᠢᠯᠡᠯᠳᠠ | ᠨᠡᠭᠡᠭᠡᠯᠳᠠ ᠶᠢᠨ ᠦᠢᠯᠡᠳᠦᠯᠭᠡ ᠳᠤᠮᠳᠠ ᠬᠤᠪᠤᠷ ᠨᠠᠨᠳᠢᠨ ᠲᠤᠷᠰᠢᠯᠭ᠎ᠠ ᠶᠢ ᠬᠤᠷᠠᠮᠳᠤᠭᠤᠯᠵᠦ᠂ ᠪᠢᠳᠠᠨ ᠤ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠵᠤ ᠠᠬᠤᠢ ᠶᠢᠨ ᠤᠨᠴᠠᠭᠠᠢ ᠤᠷᠤᠨ ᠢ ᠪᠦᠳᠦᠭᠡᠨ ᠪᠠᠶᠢᠭᠤᠯᠬᠤ | ᠵᠢᠮ᠎ᠠ ᠶᠤᠰᠤ ᠶᠢᠨ ᠲᠤᠬᠠᠢ ᠲᠠᠨᠢᠯᠳᠠ ᠶᠢ ᠬᠦᠨᠵᠡᠭᠡᠶᠢᠷᠡᠬᠦᠯᠵᠡᠢ᠃ ᠨᠢᠭᠡ ᠳᠤ᠂ ᠡᠷᠭᠡᠪᠰᠢ ᠠᠵᠤ ᠠᠬᠤᠢ ᠶᠢᠨ | ᠤᠨᠴᠠᠭᠠᠢ ᠤᠷᠤᠨ ᠤ ᠪᠦᠳᠦᠭᠡᠨ ᠪᠠᠶᠢᠭᠤᠯᠤᠯᠳᠠ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ᠂ ᠠᠵᠤ | ᠠᠬᠤᠢ ᠶᠢᠨ ᠤᠨᠴᠠᠭᠠᠢ ᠤᠷᠤᠨ ᠤ ᠪᠦᠳᠦᠭᠡᠨ ᠪᠠᠶᠢᠭᠤᠯᠤᠯᠳᠠ ᠢᠮᠠᠬᠳᠠ ᠵᠦᠪ ᠴᠢᠭᠯᠡᠯ ᠢᠶᠠᠷ ᠬᠦᠭᠵᠢᠬᠦ ᠶᠢ ᠪᠠᠳᠤᠯᠠᠬᠤ | ᠭᠡᠷᠡᠭᠲᠡᠢ᠃ ᠬᠤᠶᠠᠷ ᠲᠤ᠂ ᠡᠷᠭᠡᠪᠰᠢ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ | ᠪᠠᠷᠢᠮᠳᠠᠯᠠᠨ ᠳᠡᠬᠦᠯᠳᠡᠷᠵᠢᠬᠦᠯᠵᠦ᠂ ᠦᠭᠡᠷᠡᠴᠢᠯᠡᠯᠳᠠ ᠶᠢᠨ ᠦᠢᠯᠡᠳᠦᠯᠭᠡ ᠪᠠᠷ ᠳᠠᠮᠵᠢᠭᠤᠯᠤᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠨᠡᠩ ᠪᠤᠯᠪᠠᠰᠤᠷᠠᠩᠭᠤᠢ ᠨᠡᠩ ᠬᠡᠪᠰᠢᠵᠢᠨ ᠲᠤᠬᠳᠠᠪᠤᠷᠢᠵᠢᠬᠤ ᠶᠢ | ᠠᠬᠢᠭᠤᠯᠬᠤ ᠭᠡᠷᠡᠭᠲᠡᠢ᠃ ᠭᠤᠷᠪᠠ ᠳᠤ᠂ ᠡᠷᠬᠡᠪᠰᠢ ᠬᠦᠭᠵᠢᠭᠦᠯᠬᠦ ᠪᠤᠯ ᠬᠠᠳᠠᠭᠤ ᠶᠤᠰᠤ ᠭᠡᠳᠡᠭ ᠢ ᠪᠠᠷᠢᠮᠳᠠᠯᠠᠵᠤ᠂ | ᠵᠤᠷᠢᠬᠳᠠᠢ ᠬᠢᠵᠦ ᠵᠤᠷᠢᠬᠳᠠᠢ ᠲᠤᠷᠰᠢᠵᠤ᠂ ᠪᠤᠰᠤᠳ ᠠᠴᠠ ᠵᠤᠷᠢᠬᠳᠠᠢ ᠲᠦᠷᠦᠬᠦᠯᠡᠬᠦ ᠶᠢ ᠪᠠᠷᠢᠮᠳᠠᠯᠠᠵᠤ᠂ ᠦᠵᠡᠯ | ᠰᠠᠨᠠᠭᠠᠨ ᠤ ᠲᠠᠪᠠᠯᠳᠠ ᠪᠠᠷ ᠦᠬᠡᠷᠡᠴᠢᠯᠠᠯᠳᠠ ᠶᠢ ᠬᠦᠳᠤᠯᠤᠨ ᠵᠢᠯᠤᠭᠤᠳᠴᠤ ᠰᠢᠪᠳᠤᠯᠤᠯᠳᠠ ᠭᠠᠷᠭᠠᠬᠤ ᠭᠡᠷᠡᠭᠳᠠᠢ᠃ | ᠲᠦᠷᠪᠡ ᠳᠤ᠂ ᠡᠷᠬᠡᠪᠰᠢ ᠪᠦᠬᠦ ᠲᠠᠯ᠎ᠠ ᠪᠠᠷ ᠭᠠᠳᠠᠭᠠᠳᠤ ᠨᠡᠭᠡᠭᠡᠯᠳᠠ ᠬᠢᠬᠦ ᠶᠢ ᠪᠠᠷᠢᠮᠳᠠᠯᠠᠵᠤ᠂ ︽ᠤᠷᠤᠭᠤᠯᠤᠨ | ᠠᠪᠴᠢᠷᠠᠬᠤ︾ ᠲᠠᠳᠠᠬᠤ ᠬᠦᠴᠤᠨ ᠪᠤᠯᠤᠨ ︽ᠭᠠᠳᠠᠬᠰᠢ ᠭᠠᠷᠬᠤ︾ ᠦᠷᠢᠰᠤᠯᠳᠤᠬᠦ ᠬᠦᠴᠤᠨ ᠢ ᠲᠠᠰᠤᠷᠠᠯᠳᠠ | ᠦᠬᠡᠢ ᠲᠡᠭᠡᠭᠰᠢᠯᠡᠬᠦᠯᠬᠦ ᠭᠡᠷᠡᠭᠳᠠᠢ᠃ ᠲᠠᠪᠤ ᠳᠤ᠂ ᠡᠷᠬᠡᠪᠰᠢ ᠰᠢᠨ᠎ᠠ ᠶᠢ ᠡᠬᠦᠳᠬᠦ ᠪᠤᠯ ᠨᠢᠬᠡᠳᠤᠭᠡᠷ ᠬᠦᠳᠡᠯᠬᠡᠬᠦ | ᠬᠦᠴᠤᠨ ᠪᠤᠯᠬᠤ ᠶᠢ ᠪᠠᠷᠢᠮᠳᠠᠯᠠᠵᠤ᠂ ᠪᠦᠬᠦ ᠪᠦᠮᠪᠦᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ | ᠬᠤᠪᠢᠰᠬᠠᠯ ᠪᠤᠯᠤᠨ ᠠᠵᠤ ᠤᠢᠢᠯᠡᠰ ᠤᠨ ᠬᠤᠪᠢᠰᠤᠯᠳᠠ ᠲᠤᠮᠳᠠ ᠰᠠᠨᠠᠭᠠᠴᠢᠯᠠᠭᠠᠳᠤ ᠡᠷᠬᠡ ᠶᠢ ᠤᠯᠬᠤ ᠭᠡᠷᠡᠭᠳᠠᠢ᠃ | ᠵᠢᠷᠭᠤᠭ᠎ᠠ ᠳᠤ᠂ ᠡᠷᠭᠡᠪᠰᠢ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ | ᠪᠠᠷᠢᠮᠳᠠᠯᠠᠵᠤ᠂ ᠦᠬᠡᠷᠡᠴᠢᠯᠠᠯᠳᠠ ᠬᠦᠭᠵᠢᠯᠳᠠ ᠶᠢᠨ ᠦᠷ᠎ᠡ ᠪᠦᠳᠦᠭᠡᠯ ᠢ ᠨᠡᠩ ᠤᠯᠠᠨ ᠨᠡᠩ ᠡᠷᠬᠡ ᠲᠡᠭᠰᠢ ᠪᠠᠷ ᠤᠯᠠᠨ | ᠲᠦᠮᠡᠨ ᠳᠤ ᠬᠦᠷᠳᠡᠬᠡᠬᠦ ᠭᠡᠷᠡᠭᠳᠠᠢ᠃ ᠲᠤᠯᠤᠭ᠎ᠠ ᠳᠤ᠂ ᠡᠷᠬᠡᠪᠰᠢ ᠰᠢᠨᠵᠢᠯᠡᠬᠦ ᠤᠬᠠᠭᠠᠨᠴᠢ ᠪᠠᠷ ᠬᠠᠤᠯᠢ ᠲᠤᠭᠳᠠᠭᠠᠬᠤ᠂ | ᠲᠦᠪ ᠴᠢᠩᠭ᠎ᠠ ᠪᠠᠷ ᠬᠠᠤᠯᠢ ᠭᠡᠷᠡᠭᠵᠢᠬᠦᠯᠬᠦ᠂ ᠲᠦᠪ ᠭᠤᠤᠯᠴᠢ ᠪᠠᠷ ᠬᠠᠤᠯᠢ ᠪᠠᠷᠢᠬᠤ᠂ ᠠᠷᠠᠳ ᠨᠡᠶᠢᠳᠡ ᠪᠠᠷ ᠢᠶᠠᠨ | ᠬᠠᠤᠯᠢ ᠶᠢ ᠰᠠᠬᠢᠬᠤ ᠶᠢ ᠪᠠᠷᠢᠮᠳᠠᠯᠠᠵᠤ᠂ ᠬᠠᠤᠯᠢᠵᠢᠯ ᠢ ᠠᠵᠤ ᠠᠬᠤᠢ ᠶᠢᠨ ᠤᠨᠴᠠᠭᠠᠢ ᠤᠷᠤᠨ ᠤ ᠬᠦᠭᠵᠢᠯᠳᠠ ᠶᠢᠨ | ᠴᠢᠬᠤᠯᠠ ᠪᠠᠳᠤᠯᠠᠭ᠎ᠠ ᠪᠤᠯᠭᠠᠬᠤ ᠭᠡᠷᠡᠭᠳᠠᠢ᠃ ᠨᠠᠢᠮᠠ ᠳᠤ᠂ ᠡᠷᠬᠡᠪᠰᠢ ᠬᠦᠬᠡᠮᠳᠦᠭ ᠨᠤᠭᠤᠭᠠᠨ ᠠᠭᠤᠯᠠ ᠤᠰᠤ ᠪᠤᠯ | ᠲᠠᠷᠤᠢ ᠠᠯᠳᠠ ᠮᠦᠩᠬᠦᠨ ᠠᠭᠤᠯᠠ ᠪᠤᠯᠬᠤ ᠤᠢᠢᠯᠠᠭᠠᠭᠳᠠᠬᠤᠨ ᠢ ᠦᠢᠯᠡᠳᠦᠯᠭᠡᠵᠢᠬᠦᠯᠵᠦ᠂ ᠠᠵᠤ ᠠᠬᠤᠢ ᠨᠡᠶᠢᠬᠡᠮ | ᠪᠤᠯᠤᠨ ᠠᠮᠢ ᠠᠬᠤᠢ ᠤᠷᠴᠢᠨ ᠲᠤᠭᠤᠷᠢᠨ ᠪᠦᠬᠦ ᠲᠠᠯ᠎ᠠ ᠪᠠᠷ ᠵᠤᠬᠢᠴᠠᠩᠭᠤᠢ ᠦᠷᠬᠦᠯᠵᠢᠯᠠᠨ ᠬᠦᠭᠵᠢᠬᠦ ᠶᠢ ᠪᠡᠶᠡᠯᠡᠬᠦᠯᠬᠦ | ᠭᠡᠷᠡᠭᠳᠠᠢ᠃ ᠶᠢᠰᠤ ᠳᠤ᠂ ᠡᠷᠬᠡᠪᠰᠢ ︽ᠨᠢᠬᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾ ᠦᠨᠳᠤᠰᠤᠨ | ᠴᠢᠭᠯᠡᠯᠳᠠ ᠶᠢ ᠪᠦᠬᠦ ᠲᠠᠯ᠎ᠠ ᠪᠠᠷ ᠤᠨᠤᠴᠠᠳᠠᠢ ᠲᠤᠭᠤᠰᠢᠯᠠᠭᠤᠯᠵᠤ᠂ ᠳᠤᠳᠤᠷ᠎ᠠ ᠭᠠᠵᠠᠷ ᠪᠤᠯᠤᠨ ᠰᠢᠶᠠᠩᠭᠠᠩ᠂ | ᠤᠤᠮᠧᠨ ᠤ ᠠᠭᠤᠰᠤᠯᠴᠠᠨ ᠬᠦᠭᠵᠢᠬᠦ᠂ ᠬᠠᠷᠢᠯᠴᠠᠨ ᠠᠬᠢᠭᠤᠯᠬᠤ ᠶᠢ ᠪᠡᠶᠡᠯᠡᠬᠦᠯᠬᠦ ᠭᠡᠷᠡᠭᠳᠠᠢ᠃ ᠠᠷᠪᠠ ᠳᠤ᠂ ᠡᠷᠬᠡᠪᠰᠢ | ᠪᠦᠬᠦ ᠤᠯᠤᠰ ᠢᠶᠠᠷ ᠢᠶᠠᠨ ᠨᠢᠬᠡ ᠬᠦᠯᠬᠡ ᠰᠢᠳᠠᠷ᠎ᠠ ᠪᠤᠯᠬᠤ ᠶᠠᠪᠤᠴᠠ ᠳᠤ ᠠᠵᠤ ᠠᠬᠤᠢ ᠶᠢᠨ ᠤᠨᠴᠠᠭᠠᠢ ᠤᠷᠤᠨ ᠤ | ᠨᠦᠯᠤᠬᠡᠯᠠᠬᠦ ᠲᠠᠶᠢᠴᠢᠯᠠᠬᠤ ᠤᠢᠢᠯᠡᠳᠤᠯ ᠢ ᠨᠡᠩ ᠰᠠᠶᠢᠨ ᠪᠠᠳᠠᠷᠠᠭᠤᠯᠵᠤ᠂ ᠪᠦᠬᠦ ᠤᠯᠤᠰ ᠤᠨ ᠬᠦᠭᠵᠢᠯᠳᠠ ᠳᠤ ᠬᠤᠪᠢ | ᠨᠡᠮᠡᠷᠢ ᠦᠵᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠤᠳᠤ ᠶᠢᠨ ᠲᠡᠯᠡᠬᠡᠢ ᠶᠢᠷᠳᠢᠨᠴᠤ ᠶᠠᠬ ᠵᠠᠭᠤᠨ ᠵᠢᠯ ᠳᠤ ᠲᠤᠬᠢᠶᠠᠯᠳᠤᠭ᠎ᠠ ᠦᠬᠡᠢ ᠶᠡᠭᠡ | ᠬᠤᠪᠢᠰᠤᠯᠳᠠ ᠶᠢ ᠦᠩᠬᠡᠷᠡᠭᠡᠵᠤ᠂ ᠮᠠᠨ ᠤ ᠤᠯᠤᠰ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ | ᠮᠠᠨᠳᠤᠯᠳᠠ ᠶᠢ ᠪᠡᠶᠡᠯᠡᠬᠦᠯᠬᠦ ᠵᠠᠩᠬᠢᠯᠠᠭ᠎ᠠ ᠶᠢᠨ ᠴᠠᠬ᠎ᠠ ᠦᠶ᠎ᠠ ᠳᠤ ᠤᠷᠤᠰᠢᠵᠤ᠂ ᠠᠵᠤ ᠠᠬᠤᠢ ᠲᠦᠷᠬᠡᠨ ᠨᠡᠮᠡᠭᠳᠡᠯ ᠤᠨ | ᠱᠠᠳᠤᠨ ᠠᠴᠠ ᠴᠢᠨᠠᠷ ᠰᠠᠶᠢᠳᠠᠢ ᠬᠦᠭᠵᠢᠯᠳᠠ ᠶᠢᠨ ᠱᠠᠳᠤᠨ ᠳᠤ ᠰᠢᠯᠵᠢᠪᠠ᠃ ᠱᠧᠨᠵᠧᠨ ᠤ ᠬᠢᠨ ᠳᠤᠮᠳᠠᠳᠤ | ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠤᠷᠢᠳ ᠢᠶᠠᠷ ᠭᠡᠷᠡᠭᠵᠢᠬᠦᠯᠬᠦ ᠵᠢᠱᠢᠶ᠎ᠠ ᠦᠵᠡᠬᠦᠯᠬᠦ ᠤᠷᠤᠨ ᠢ | ᠰᠠᠶᠢᠳᠤᠷ ᠪᠦᠳᠤᠬᠡᠨ ᠪᠠᠶᠢᠭᠤᠯᠵᠤ᠂ ᠨᠡᠶᠢᠬᠡᠮ ᠵᠢᠷᠤᠮ ᠤᠨ ᠤᠳᠤᠬᠢᠴᠢᠯᠠᠬᠰᠠᠨ ᠬᠦᠴᠦᠷᠭᠡᠭ ᠤᠯᠤᠰ ᠤᠨ ᠬᠤᠳᠠ ᠶᠢᠨ | ᠦᠯᠢᠬᠡᠷ ᠳᠠᠭᠤᠷᠢᠶᠠᠯ ᠢ ᠴᠤᠬᠴᠠᠯᠠᠵᠦ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠴᠢᠳᠠᠪᠤᠷᠢ ᠪᠤᠯᠤᠨ ᠲᠦᠪᠰᠢᠨ ᠢᠶᠠᠨ ᠲᠡᠭᠡᠭᠰᠢᠯᠡᠬᠦᠯᠵᠤ᠂ ᠦᠬᠡᠷᠡᠴᠢᠯᠠᠯᠳᠠ ᠶᠢ ᠪᠦᠬᠦ ᠲᠠᠯ᠎ᠠ ᠪᠠᠷ | ᠬᠦᠨᠵᠡᠬᠡᠶᠢᠷᠡᠬᠦᠯᠬᠦ᠂ ᠨᠡᠬᠡᠬᠡᠯᠳᠠ ᠶᠢ ᠪᠦᠬᠦ ᠲᠠᠯ᠎ᠠ ᠪᠠᠷ ᠦᠷᠬᠡᠳᠬᠡᠬᠦ ᠰᠢᠨ᠎ᠠ ᠪᠠᠶᠢᠷᠢᠰᠢᠯ ᠢ ᠪᠤᠢ ᠪᠤᠯᠭᠠᠵᠤ᠂ | ᠭᠤᠸᠠᠩᠳᠦ᠋ᠩ ᠰᠢᠶᠠᠩᠭᠠᠩ ᠤᠤᠮᠧᠨ ᠤ ᠲᠤᠮᠤ ᠪᠤᠯᠤᠩ ᠤᠨ ᠤᠷᠤᠨ ᠤ ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ | ︽ᠨᠢᠬᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾ ᠤᠢᠢᠯᠡᠰ ᠤᠨ ᠬᠦᠭᠵᠢᠯᠳᠠ ᠶᠢᠨ ᠰᠢᠨ᠎ᠠ | ᠤᠢᠢᠯᠡᠳᠤᠯᠬᠡ ᠶᠢ ᠪᠠᠶᠠᠯᠢᠬᠵᠢᠭᠤᠯᠵᠤ᠂ ᠨᠡᠶᠢᠬᠡᠮ ᠵᠢᠷᠤᠮ ᠤᠨ ᠤᠳᠤᠬᠢᠴᠢᠯᠠᠯᠳᠠ ᠶᠢ ᠤᠷᠢᠳ ᠢᠶᠠᠷ ᠪᠡᠶᠡᠯᠡᠬᠦᠯᠬᠦ | ᠭᠡᠷᠡᠭᠳᠠᠢ᠃ ᠨᠢᠬᠡᠳᠤᠬᠡᠷ ᠲᠤ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠬᠡᠢ ᠪᠠᠷ | ᠲᠤᠭᠤᠰᠢᠯᠠᠭᠤᠯᠬᠤ ᠭᠡᠷᠡᠭᠳᠠᠢ᠃ ᠬᠠᠩᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠬᠡᠷᠡᠴᠢᠯᠠᠯᠳᠠ ᠶᠢᠨ ᠡᠨᠡ | ᠬᠦ ᠭᠤᠤᠯ ᠰᠢᠵᠢᠮ ᠢ ᠪᠠᠷᠢᠮᠳᠠᠯᠠᠵᠤ᠂ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠬᠦᠭᠵᠢᠯᠳᠠ ᠶᠢᠨ | ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠬᠡᠢ ᠭᠡᠷᠡᠭᠵᠢᠬᠦᠯᠵᠤ᠂ ᠰᠠᠭᠤᠷᠢ ᠰᠤᠳᠤᠯᠭᠠᠨ ᠪᠤᠯᠤᠨ ᠭᠡᠷᠡᠭᠯᠡᠬᠡᠨ ᠤ | ᠰᠠᠭᠤᠷᠢ ᠰᠤᠳᠤᠯᠭᠠᠨ ᠤ ᠤᠷᠤᠭᠤᠯᠤᠯᠳᠠ ᠶᠢᠨ ᠡᠷᠴᠢᠮ ᠢ ᠴᠢᠩᠭᠠᠷᠠᠭᠤᠯᠵᠤ᠂ ᠰᠢᠨ᠎ᠠ ᠬᠦᠳᠡᠯᠬᠡᠬᠦ ᠡᠨᠧᠷᠬᠢ ᠶᠢ | ᠪᠤᠶᠢᠵᠢᠭᠤᠯᠤᠨ᠂ ᠰᠢᠨ᠎ᠠ ᠪᠠᠶᠢᠷᠢ ᠶᠢᠨ ᠡᠨᠧᠷᠬᠢ ᠶᠢ ᠲᠡᠭᠡᠭᠰᠢᠯᠡᠬᠦᠯᠬᠦ ᠭᠡᠷᠡᠭᠳᠠᠢ᠃ ᠤᠳᠤ ᠦᠶ᠎ᠠ ᠶᠢᠨ | ᠤᠢᠢᠯᠡᠴᠢᠯᠡᠬᠡᠨ ᠤ ᠤᠢᠢᠯᠡᠰ ᠢ ᠶᠡᠭᠡ ᠪᠠᠷ ᠬᠦᠭᠵᠢᠬᠦᠯᠵᠤ᠂ ᠤᠢᠢᠯᠡᠴᠢᠯᠡᠬᠡᠨ ᠤ ᠤᠢᠢᠯᠡᠰ ᠤᠨ ᠬᠦᠭᠵᠢᠯᠳᠠ ᠶᠢᠨ ᠲᠡᠰ | ᠴᠢᠳᠠᠪᠤᠷᠢ ᠪᠤᠯᠤᠨ ᠦᠷᠢᠰᠤᠯᠳᠤᠬᠦ ᠬᠦᠴᠤᠨ ᠢ ᠲᠡᠭᠡᠭᠰᠢᠯᠡᠬᠦᠯᠬᠦ ᠭᠡᠷᠡᠭᠳᠠᠢ᠃ ᠨᠡᠩ ᠨᠡᠭᠡᠭᠡᠯᠳᠡᠳᠠᠢ ᠴᠢᠳᠠᠪᠤᠷᠢᠳᠠᠨ ᠤ | ᠲᠦᠷᠤ ᠶᠢᠨ ᠪᠤᠳᠤᠯᠭ᠎ᠠ ᠶᠢ ᠭᠡᠷᠡᠭᠵᠢᠬᠦᠯᠵᠤ᠂ ᠲᠡᠯᠡᠬᠡᠢ ᠳ᠋ᠠᠬᠢᠨ ᠤ ᠡᠷᠳᠡᠮᠳᠡᠨ ᠴᠢᠳᠠᠪᠤᠷᠢᠳᠡᠨ ᠢ ᠴᠤᠬᠯᠠᠭᠤᠯᠤᠨ | ᠬᠡᠷᠡᠭᠯᠡᠬᠦ ᠭᠡᠷᠡᠭᠳᠠᠢ᠃ ᠬᠤᠶᠠᠳᠤᠭᠠᠷ ᠲᠤ᠂ ᠴᠠᠬ ᠦᠶ᠎ᠠ ᠶᠢ ᠲᠠᠭᠠᠨ ᠪᠦᠬᠦ ᠲᠠᠯ᠎ᠠ ᠪᠠᠷ ᠤᠷᠤᠬᠰᠢᠯᠠᠵᠤ | ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠭᠡᠷᠡᠭᠳᠠᠢ᠃ ᠨᠠᠮ ᠤᠨ ᠲᠦᠪ ᠬᠤᠷᠢᠶ᠎ᠠ ᠠᠴᠠ ᠬᠦᠨᠵᠡᠬᠡᠢ | ᠰᠤᠳᠤᠯᠤᠭᠠᠳ᠂ ᠱᠧᠨᠵᠧᠨ ᠤ ᠬᠢᠨ ᠶᠠᠷᠤᠩᠬᠡᠶᠢᠯᠡᠭᠰᠡᠨ ᠦᠬᠡᠷᠡᠴᠢᠯᠠᠯᠳᠠ ᠶᠢᠨ ᠲᠤᠷᠰᠢᠯᠳᠠ ᠶᠢ ᠭᠡᠷᠡᠭᠵᠢᠬᠦᠯᠬᠦ ᠶᠢ | ᠲᠡᠮᠵᠢᠵᠤ᠂ ᠨᠠᠷᠢᠨ ᠲᠠᠩᠰᠠ ᠪᠠ ᠪᠦᠬᠡᠮ ᠢᠶᠠᠷ ᠡᠷᠬᠡ ᠤᠯᠭᠤᠬᠤ ᠠᠷᠭ᠎ᠠ ᠪᠠᠷ ᠱᠧᠨᠵᠧᠨ ᠳᠤ ᠴᠢᠬᠤᠯᠠ ᠬᠦᠷᠢᠶ᠎ᠠ | ᠪᠤᠯᠤᠨ ᠵᠠᠩᠬᠢᠯᠠᠭ᠎ᠠ ᠶᠢᠨ ᠭᠤᠬᠴᠤᠭ᠎ᠠ ᠶᠢᠨ ᠦᠬᠡᠷᠡᠴᠢᠯᠠᠯᠳᠠ ᠶᠢᠨ ᠲᠠᠯ᠎ᠠ ᠪᠠᠷ ᠨᠡᠩ ᠤᠯᠠᠨ ᠡᠵᠡᠨ ᠮᠡᠳᠡᠬᠦ ᠡᠷᠬᠡ | ᠤᠯᠭᠤᠪᠠ᠃ ᠱᠧᠨᠵᠧᠨ ᠤ ᠠᠵᠤ ᠠᠬᠤᠢ ᠶᠢᠨ ᠤᠨᠴᠠᠭᠠᠢ ᠤᠷᠤᠨ ᠨᠢ ᠬᠠᠷᠢᠭᠤᠴᠠᠯᠭ᠎ᠠ ᠡᠬᠦᠷᠬᠡᠯᠠᠵᠤ᠂ ᠵᠦᠪ | ᠴᠢᠭᠯᠡᠯ ᠢ ᠪᠠᠳᠤ ᠡᠵᠡᠮᠳᠡᠵᠤ᠂ ᠴᠢᠬᠤᠯᠠ ᠬᠦᠷᠢᠶᠠᠨ ᠳᠤ ᠨᠢᠭᠡ ᠪᠦᠯᠦᠭ ᠴᠢᠬᠤᠯᠠ ᠶᠡᠭᠡ ᠦᠬᠡᠷᠡᠴᠢᠯᠠᠯᠳᠠ ᠶᠢᠨ ᠠᠷᠭ᠎ᠠ | ᠬᠡᠮᠵᠢᠶ᠎ᠠ ᠭᠠᠷᠭᠠᠬᠤ ᠪᠠᠷ ᠴᠢᠷᠮᠠᠶᠢᠬᠤ ᠭᠡᠷᠡᠭᠳᠠᠢ᠃ ᠭᠤᠷᠪᠠᠳᠤᠭᠠᠷ ᠲᠤ᠂ ᠵᠤᠷᠢᠬᠳᠠᠢ ᠪᠠᠷ ᠵᠠᠮ ᠨᠡᠬᠡᠬᠡᠵᠦ ᠨᠡᠬᠡᠬᠡᠯᠳᠠ ᠶᠢ | ᠪᠦᠬᠦ ᠲᠠᠯ᠎ᠠ ᠪᠠᠷ ᠦᠷᠬᠡᠳᠬᠡᠬᠦ ᠭᠡᠷᠡᠭᠳᠠᠢ᠃ ᠤᠢᠢᠯᠡᠳᠪᠤᠷᠢᠯᠡᠯ᠂ ᠬᠤᠪᠢᠶᠠᠷᠢᠯᠠᠯᠳᠠ᠂ ᠬᠦᠢᠯᠬᠡᠬᠡ᠂ ᠭᠡᠷᠡᠭᠯᠡᠬᠡᠨ ᠤ | ᠰᠢᠰᠲ᠋ᠧᠮ ᠢ ᠰᠢᠯᠢᠳᠡᠭᠵᠢᠬᠦᠯᠤᠨ ᠲᠡᠰ ᠲᠡᠪᠰᠢᠬᠦᠯᠵᠤ᠂ ᠤᠯᠤᠰ ᠤᠨ ᠳᠤᠳᠤᠭᠠᠳᠤ ᠶᠢᠨ ᠶᠡᠭᠡ ᠤᠷᠴᠢᠯ ᠢ | ᠰᠢᠯᠤᠭᠤᠳᠬᠠᠬᠤ ᠪᠠ ᠤᠯᠤᠰ ᠤᠨ ᠳᠤᠳᠤᠭᠠᠳᠤ ᠭᠠᠳᠠᠭᠠᠳᠤ ᠶᠢᠨ ᠬᠤᠤᠰ ᠤᠷᠴᠢᠯ ᠢ ᠨᠡᠪᠳᠡᠷᠡᠬᠦᠯᠬᠦ ᠴᠢᠳᠠᠪᠤᠷᠢ ᠪᠠᠨ | ᠴᠢᠩᠭᠠᠳᠬᠠᠵᠤ᠂ ᠲᠦᠷᠢᠮ ᠪᠠᠷᠢᠮᠵᠢᠶ᠎ᠠ ᠵᠡᠷᠬᠡ ᠲᠦᠷᠢᠮᠳᠤ ᠨᠡᠬᠡᠬᠡᠯᠳᠠ ᠶᠢ ᠲᠦᠷᠬᠡᠨ ᠠᠬᠢᠭᠤᠯᠵᠤ᠂ ᠨᠡᠩ ᠦᠨᠳᠤᠷ | ᠲᠦᠪᠰᠢᠨ ᠲᠠᠢ ᠨᠡᠬᠡᠬᠡᠯᠳᠡᠳᠤ ᠮᠠᠶ᠋ᠢᠬ ᠤᠨ ᠠᠵᠤ ᠠᠬᠤᠢ ᠶᠢᠨ ᠰᠢᠨ᠎ᠠ ᠪᠠᠶᠢᠭᠤᠯᠤᠮᠵᠢ ᠶᠢ ᠡᠩ ᠲᠡᠷᠢᠬᠦᠨ ᠳᠤ | ᠪᠠᠶᠢᠭᠤᠯᠬᠤ ᠭᠡᠷᠡᠭᠳᠠᠢ᠃ ︽ᠨᠢᠬᠡ ᠪᠦᠰᠠ ᠨᠢᠬᠡ ᠵᠠᠮ︾ ᠲᠠᠭᠠᠤ ᠶᠢᠨ ᠤᠯᠤᠰ ᠪᠤᠯᠤᠨ ᠭᠠᠵᠠᠷ ᠤᠷᠤᠨ ᠯᠤᠭ᠎ᠠ | ᠤᠯᠠᠨ ᠲᠠᠪᠬᠤᠷᠭ᠎ᠠ᠂ ᠤᠯᠠᠨ ᠬᠦᠷᠢᠶ᠎ᠠ ᠶᠢᠨ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠦᠷᠨᠢᠬᠦᠯᠬᠦ ᠶᠢ ᠴᠢᠩᠭᠠᠳᠬᠠᠬᠤ | ᠭᠡᠷᠡᠭᠳᠠᠢ᠃ ᠲᠦᠷᠪᠡᠳᠤᠭᠡᠷ ᠲᠤ᠂ ᠰᠢᠨ᠎ᠠ ᠶᠢ ᠡᠬᠦᠳᠬᠦ ᠰᠡᠳᠬᠢᠬᠦᠢ ᠪᠠᠷ ᠬᠤᠳᠠ ᠶᠢᠨ ᠵᠠᠰᠠᠯᠳᠠ ᠶᠢᠨ ᠰᠢᠰᠲ᠋ᠧᠮ | ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠭᠡᠷᠡᠭᠳᠠᠢ᠃ ᠪᠦᠬᠦ ᠦᠶᠡᠯᠡᠯ ᠤᠨ | ᠬᠤᠭᠤᠴᠠᠭ᠎ᠠ ᠶᠢᠨ ᠬᠠᠮᠢᠶᠠᠷᠤᠯᠳᠠ ᠶᠢᠨ ᠤᠬᠠᠮᠰᠠᠷ ᠢ ᠪᠤᠢ ᠪᠤᠯᠭᠠᠵᠦ᠂ ᠬᠤᠳᠠ ᠶᠢᠨ ᠵᠠᠰᠠᠯᠳᠠ ᠶᠢᠨ ᠰᠢᠰᠲ᠋ᠧᠮ ᠪᠤᠯᠤᠨ | ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠲᠦᠷᠬᠡᠳᠭᠡᠨ ᠠᠬᠢᠭᠤᠯᠵᠤ᠂ ᠬᠡᠳᠦ ᠲᠤᠮᠤ ᠬᠤᠳᠠ ᠶᠢᠨ | ᠤᠨᠴᠠᠯᠢᠬ ᠪᠤᠯᠤᠨ ᠵᠢᠮ᠎ᠠ ᠶᠤᠰᠤ ᠳᠤ ᠲᠤᠬᠢᠷᠠᠬᠤ ᠵᠠᠰᠠᠯᠳᠠ ᠶᠢᠨ ᠰᠢᠨ᠎ᠠ ᠵᠠᠮ ᠢᠶᠠᠷ ᠴᠢᠷᠮᠠᠶᠢᠨ ᠵᠠᠮᠨᠠᠬᠤ ᠭᠡᠷᠡᠭᠳᠠᠢ᠃ | ᠲᠠᠪᠤᠳᠤᠭᠠᠷ ᠲᠤ᠂ ᠦᠨᠡᠨ ᠬᠦ ᠠᠳᠬᠤᠵᠤ ᠪᠤᠳᠠᠳᠠᠢ ᠬᠢᠵᠤ ᠠᠷᠠᠳ ᠲᠦᠮᠡᠨ ᠢᠶᠠᠷ ᠭᠤᠤᠯ ᠪᠤᠯᠭᠠᠬᠤ | ᠬᠦᠭᠵᠢᠯᠳᠠ ᠶᠢᠨ ᠦᠵᠡᠯ ᠰᠠᠨᠠᠭ᠎ᠠ ᠶᠢ ᠤᠢᠢᠯᠡᠳᠤᠯᠬᠡᠵᠢᠬᠦᠯᠬᠦ ᠭᠡᠷᠡᠭᠳᠠᠢ᠃ ᠨᠡᠩ ᠤᠯᠠᠨ ᠦᠬᠡᠷᠡᠴᠢᠯᠠᠯᠳᠠ ᠬᠢᠵᠤ | ᠰᠢᠨ᠎ᠠ ᠶᠢ ᠡᠬᠦᠳᠬᠦ ᠰᠢᠨ᠎ᠡ ᠠᠷᠭ᠎ᠠ ᠬᠡᠮᠵᠢᠶ᠎ᠠ ᠶᠢ ᠲᠤᠭᠳᠠᠭᠠᠵᠤ᠂ ᠠᠵᠢᠯ ᠤᠯᠭᠤᠯᠳᠠ᠂ ᠰᠤᠷᠭᠠᠨ ᠬᠦᠮᠤᠵᠢᠯ᠂ ᠡᠮ | ᠡᠮᠨᠡᠯᠬᠡ᠂ ᠨᠡᠶᠢᠬᠡᠮ ᠤᠨ ᠲᠠᠭᠠᠳᠬᠠᠯ᠂ ᠤᠷᠤᠨ ᠰᠠᠭᠤᠴᠠ᠂ ᠨᠠᠰᠤᠵᠢᠯ ᠤᠨ ᠠᠰᠠᠷᠠᠮᠵᠢ᠂ ᠢᠳᠡᠬᠡᠨ ᠤ ᠠᠮᠤᠷ | ᠲᠦᠪᠰᠢᠨ᠂ ᠠᠮᠢ ᠠᠬᠤᠢ ᠤᠷᠴᠢᠨ ᠲᠤᠭᠤᠷᠢᠨ᠂ ᠨᠡᠶᠢᠬᠡᠮ ᠤᠨ ᠠᠮᠤᠷ ᠢ ᠬᠠᠮᠠᠭᠠᠯᠠᠬᠤ ᠵᠡᠷᠬᠡ ᠠᠰᠠᠭᠤᠳᠠᠯ ᠢ ᠨᠢᠬᠡᠳ | ᠨᠢᠬᠡ ᠪᠠᠷ ᠰᠠᠶᠢᠳᠤᠷ ᠰᠢᠢᠳᠪᠤᠷᠢᠯᠡᠵᠤ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ ᠢ ᠨᠡᠩ ᠬᠦᠢᠴᠡᠳ᠂ | ᠵᠢᠷᠭᠠᠯᠳᠤ ᠲᠦᠷᠦᠭᠳᠡᠯ ᠢ ᠨᠡᠩ ᠦᠷᠬᠦᠯᠵᠢᠯᠠᠯ ᠲᠠᠢ᠂ ᠠᠮᠤᠷ ᠲᠦᠪᠰᠢᠨ ᠤ ᠲᠦᠷᠦᠭᠳᠡᠯ ᠢ ᠨᠡᠩ ᠪᠠᠳᠤᠯᠠᠭ᠎ᠠ ᠲᠠᠢ | ᠪᠤᠯᠭᠠᠬᠤ ᠪᠠᠷ ᠴᠢᠷᠮᠠᠶᠢᠬᠤ ᠭᠡᠷᠡᠭᠳᠠᠢ᠃ ᠠᠷᠠᠳ ᠤᠯᠠᠨ ᠤ ᠡᠭᠦᠳᠦᠨ ᠪᠦᠳᠦᠭᠡᠬᠦ ᠵᠤᠷᠢᠬ ᠰᠠᠨᠠᠭ᠎ᠠ ᠶᠢ ᠬᠦᠨᠳᠤᠳᠬᠡᠵᠤ᠂ | ᠠᠷᠠᠳ ᠤᠯᠠᠨ ᠤ ᠲᠤᠮᠳᠠ ᠠᠴᠠ ᠠᠵᠤ ᠠᠬᠤᠢ ᠶᠢᠨ ᠤᠨᠴᠠᠭᠠᠢ ᠤᠷᠤᠨ ᠤ ᠬᠦᠭᠵᠢᠯᠳᠠ ᠶᠢᠨ ᠰᠢᠨ᠎ᠠ ᠶᠢ ᠡᠬᠦᠳᠬᠦ | ᠡᠬᠦᠳᠤᠨ ᠪᠦᠳᠤᠬᠡᠬᠦ ᠠᠮᠢᠵᠢᠷᠠᠯ ᠤᠨ ᠬᠦᠴᠤᠨ ᠢ ᠲᠠᠰᠤᠷᠠᠯᠳᠠ ᠦᠬᠡᠢ ᠤᠯᠬᠤ ᠭᠡᠷᠡᠭᠳᠠᠢ᠃ ᠵᠢᠷᠭᠤᠭ᠎ᠠ ᠳᠤ᠂ | ᠢᠳᠡᠪᠬᠢᠳᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠭᠤᠸᠠᠩᠳᠦ᠋ᠩ ᠰᠢᠶᠠᠩᠭᠠᠩ ᠤᠤᠮᠧᠨ ᠤ ᠲᠤᠮᠤ ᠪᠤᠯᠤᠩ ᠤᠨ | ᠤᠷᠤᠨ ᠤ ᠪᠦᠳᠤᠬᠡᠨ ᠪᠠᠶᠢᠭᠤᠯᠤᠯᠳᠠ ᠶᠢ ᠬᠦᠨᠵᠡᠬᠡᠢ ᠠᠬᠢᠭᠤᠯᠬᠤ ᠭᠡᠷᠡᠭᠳᠠᠢ᠃ ᠭᠤᠸᠠᠩᠳᠦ᠋ᠩ ᠰᠢᠶᠠᠩᠭᠠᠩ | ᠤᠤᠮᠧᠨ ᠤ ᠲᠤᠮᠤ ᠪᠤᠯᠤᠩ ᠤᠨ ᠤᠷᠤᠨ ᠤ ᠪᠦᠳᠤᠬᠡᠨ ᠪᠠᠶᠢᠭᠤᠯᠤᠯᠳᠠ ᠶᠢᠨ ᠴᠢᠬᠤᠯᠠ ᠶᠡᠭᠡ ᠲᠡᠤᠬᠡ ᠶᠢᠨ ᠠᠵᠠ | ᠲᠤᠬᠢᠶᠠᠯ ᠢ ᠠᠮᠵᠢᠵᠤ᠂ ᠭᠤᠷᠪᠠᠨ ᠤᠷᠤᠨ ᠤ ᠠᠵᠤ ᠠᠬᠤᠢ ᠶᠢᠨ ᠠᠵᠢᠯᠯᠠᠭᠠᠨ ᠤ ᠲᠦᠷᠢᠮ ᠤᠨ ᠵᠤᠯᠭᠠᠯᠴᠠᠭ᠎ᠠ᠂ | ᠲᠤᠭᠳᠠᠴᠠ ᠶᠢᠨ ᠵᠤᠯᠭᠠᠯᠴᠠᠭ᠎ᠠ ᠶᠢ ᠠᠬᠢᠭᠤᠯᠵᠤ᠂ ᠵᠠᠬ᠎ᠠ ᠲᠡᠯᠬᠡᠬᠦᠷ ᠤᠨ ᠨᠢᠬᠡ ᠴᠤᠬᠴᠠᠵᠢᠭᠤᠯᠬᠤ ᠲᠦᠪᠰᠢᠨ ᠢ | ᠲᠡᠭᠡᠭᠰᠢᠯᠡᠬᠦᠯᠬᠦ ᠭᠡᠷᠡᠭᠳᠠᠢ᠃ ᠰᠢᠶᠠᠩᠭᠠᠩ ᠤᠤᠮᠧᠨ ᠲᠠᠶᠢᠸᠠᠨ ᠤ ᠠᠬ᠎ᠠ ᠲᠡᠬᠦᠤ ᠨᠠᠷ ᠪᠤᠯᠤᠨ ᠭᠠᠳᠠᠭᠠᠳᠤ ᠳᠤ ᠪᠠᠶᠢᠭ᠎ᠠ | ᠲᠤᠮᠳᠠᠳᠤ ᠶᠢᠨ ᠬᠠᠷᠢᠶᠠᠳᠤ ᠶᠢᠨ ᠪᠡᠯᠡ ᠤᠷᠤᠭᠤᠯᠵᠤ ᠠᠳᠠᠯ ᠤᠢᠢᠯᠡᠰ ᠪᠤᠰᠬᠠᠬᠤ᠂ ᠬᠤᠤᠰ ᠴᠢᠭᠯᠡᠯ ᠢᠶᠠᠷ ᠨᠡᠬᠡᠬᠡᠯᠳᠠ | ᠬᠢᠬᠦ ᠴᠢᠬᠤᠯᠠ ᠤᠢᠢᠯᠡᠳᠤᠯ ᠢ ᠬᠦᠢᠴᠡᠳ ᠪᠠᠳᠠᠷᠠᠭᠤᠯᠬᠤ ᠶᠢ ᠦᠷᠬᠦᠯᠵᠢᠯᠡᠨ ᠵᠤᠷᠢᠬᠵᠢᠭᠤᠯᠵᠦ ᠬᠦᠳᠦᠯᠦᠨ | ᠵᠢᠯᠤᠭᠤᠳᠴᠦ᠂ ᠠᠵᠤ ᠠᠬᠤᠢ ᠶᠢᠨ ᠤᠨᠴᠠᠭᠠᠢ ᠤᠷᠤᠨ ᠤ ᠬᠦᠭᠵᠢᠯᠳᠠ ᠳᠤ ᠰᠢᠨ᠎ᠠ ᠬᠤᠪᠢ ᠨᠡᠮᠡᠷᠢ ᠦᠵᠡᠬᠦᠯᠬᠦ | ᠭᠡᠷᠡᠭᠳᠠᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠦᠨᠤᠴᠢᠨ ᠴᠡᠴᠡᠭ ᠭᠠᠭᠴᠠᠭᠠᠷ ᠲᠡᠯᠭᠡᠷᠡᠭᠡᠳ ᠬᠠᠪᠤᠷ ᠲᠤᠷ ᠦᠯᠦ ᠲᠤᠭᠠᠴᠠᠬᠳᠠᠨᠠᠮ᠂ | ᠦᠨᠢᠷ ᠴᠡᠴᠡᠭ ᠮᠢᠷᠠᠯᠵᠠᠨ ᠲᠡᠯᠭᠡᠷᠡᠪᠡᠯ ᠰᠠᠶ᠋ᠢ ᠬᠠᠪᠤᠷ ᠤᠨ ᠦᠵᠡᠮᠵᠢ ᠪᠦᠷᠢᠳᠤᠮᠤᠢ᠃ ᠪᠢᠳᠠ ᠬᠠᠷᠢᠯᠴᠠᠨ ᠠᠰᠢᠭ ᠲᠠᠢ | ᠬᠠᠮᠳᠤ ᠪᠠᠷ ᠠᠰᠢᠭ ᠬᠦᠷᠳᠡᠭᠡᠬᠦ ᠨᠡᠭᠡᠭᠡᠯᠳᠠᠳᠤ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠭᠡᠢ ᠭᠡᠷᠡᠭᠵᠢᠬᠦᠯᠵᠤ᠂ | ᠲᠡᠯᠡᠭᠡᠢ ᠳ᠋ᠡᠬᠢᠨ ᠠᠴᠠ ᠬᠦᠭᠵᠢᠯᠳᠠ ᠶᠢᠨ ᠬᠦᠳᠡᠯᠭᠡᠬᠦ ᠬᠦᠴᠤᠨ ᠢ ᠰᠢᠩᠭᠡᠭᠡᠬᠦ ᠪᠦᠭᠡᠳ ᠪᠠᠰᠠ ᠲᠤᠮᠳᠠᠳᠤ ᠤᠯᠤᠰ ᠤᠨ | ᠬᠦᠭᠵᠢᠯᠳᠠ ᠪᠠᠷ ᠲᠡᠯᠡᠭᠡᠢ ᠳ᠋ᠠᠬᠢᠨ ᠳᠤ ᠨᠡᠩ ᠰᠠᠶᠢᠨ ᠠᠰᠢᠭ ᠬᠦᠷᠳᠡᠭᠡᠬᠦ ᠬᠡᠷᠡᠭᠳᠠᠢ᠃ ᠠᠵᠤ ᠠᠬᠤᠢ ᠶᠢᠨ ᠤᠨᠴᠠᠭᠠᠢ | ᠤᠷᠤᠨ ᠪᠠᠶᠢᠭᠤᠯᠤᠬᠳᠠᠬᠰᠡᠨ 40 ᠵᠢᠯ ᠤᠨ ᠦᠢᠯᠡᠳᠦᠯᠭᠡ ᠨᠢ ᠲᠡᠯᠡᠭᠡᠢ ᠶᠢᠨ ᠡᠯ᠎ᠡ ᠤᠯᠤᠰ ᠤᠨ ᠬᠠᠮᠳᠤ ᠶᠢᠨ | ᠤᠷᠤᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠂ ᠲᠡᠷᠡᠴᠢᠯᠡᠨ ᠡᠯ᠎ᠡ ᠤᠯᠤᠰ ᠲᠤ ᠦᠷᠭᠡᠨ ᠠᠭᠤᠳᠠᠮ | ᠬᠦᠭᠵᠢᠯᠳᠠ ᠶᠢᠨ ᠤᠷᠤᠨ ᠵᠠᠢ ᠶᠢ ᠬᠠᠨᠭ᠍ᠭᠠᠵᠤ᠂ ᠬᠦᠭᠵᠢᠯᠳᠠ ᠶᠢᠨ ᠠᠰᠢᠭ ᠲᠤᠰᠠ ᠪᠠᠨ ᠬᠤᠪᠢᠶᠠᠯᠴᠠᠪᠠ᠃ | ᠲᠡᠯᠡᠭᠡᠢ ᠶᠢᠨ ᠡᠯ᠎ᠡ ᠤᠯᠤᠰ ᠲᠤᠮᠳᠠᠳᠤ ᠤᠯᠤᠰ ᠤᠨ ᠠᠵᠤ ᠠᠬᠤᠢ ᠶᠢᠨ ᠤᠨᠴᠠᠭᠠᠢ ᠤᠷᠤᠨ ᠤ ᠦᠭᠡᠷᠡᠴᠢᠯᠡᠯᠳᠠ | ᠨᠡᠭᠡᠭᠡᠯᠳᠠ ᠬᠦᠭᠵᠢᠯᠳᠠ ᠳᠤ ᠨᠡᠩ ᠤᠯᠠᠨ ᠤᠷᠤᠯᠴᠠᠵᠤ᠂ ᠬᠠᠮᠳᠤ ᠪᠠᠷ ᠵᠦᠪᠳᠡᠯᠴᠡᠵᠤ ᠬᠠᠮᠳᠤ ᠪᠠᠷ ᠪᠠᠶᠢᠭᠤᠯᠵᠤ | ᠬᠠᠮᠳᠤ ᠪᠠᠷ ᠡᠳ᠋ᠯᠡᠬᠦ ᠰᠢᠨ᠎ᠡ ᠪᠠᠶᠢᠷᠢᠰᠢᠯ ᠢ ᠪᠠᠶᠢᠭᠤᠯᠬᠤ ᠶᠢ ᠪᠠᠶᠠᠷᠯᠡᠨ ᠤᠬᠳᠤᠵᠤ ᠪᠠᠶᠢᠨ᠎ᠡ ᠭᠡᠵᠤ ᠴᠢᠬᠤᠯᠠᠴᠢᠯᠠᠪᠠ᠃ | ᠰᠢ ᠶᠢᠨ ᠫᠢᠩ᠂ ᠠᠵᠤ ᠠᠬᠤᠢ ᠶᠢᠨ ᠤᠨᠴᠠᠭᠠᠢ ᠤᠷᠤᠨ ᠦᠭᠡᠷᠡᠴᠢᠯᠡᠯᠳᠠ ᠨᠡᠭᠡᠭᠡᠯᠳᠠ ᠶᠢᠨ ᠬᠠᠮᠤᠭ ᠤᠨ | ᠡᠮᠤᠨ᠎ᠡ ᠡᠩᠨᠡᠭᠡᠨ ᠳᠤ ᠪᠠᠶᠢᠬᠤ ᠪᠤᠯᠬᠤᠷ᠂ ᠨᠠᠮ ᠤᠨ ᠪᠦᠬᠦ ᠲᠠᠯ᠎ᠡ ᠶᠢᠨ ᠤᠳᠤᠷᠢᠳᠤᠯᠭ᠎ᠠ ᠪᠠ ᠨᠠᠮ ᠤᠨ | ᠪᠠᠶᠢᠭᠤᠯᠤᠯᠳᠠ ᠶᠢ ᠴᠢᠩᠭᠠᠳᠬᠠᠬᠤ ᠲᠠᠯ᠎ᠠ ᠪᠠᠷ ᠨᠡᠩ ᠦᠨᠳᠤᠷ ᠱᠠᠭᠠᠷᠳᠠᠯᠭ᠎ᠠ ᠲᠠᠢ ᠪᠠᠶᠢᠭ᠎ᠠ ᠶᠤᠮ᠃ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠤᠩᠭᠡᠢ ᠱᠠᠭᠠᠷᠳᠠᠯᠭ᠎ᠠ ᠶᠢ ᠬᠦᠨᠵᠡᠭᠡᠢ ᠲᠤᠭᠤᠰᠢᠯᠠᠭᠤᠯᠵᠤ᠂ | ᠦᠭᠡᠷᠡᠴᠢᠯᠡᠯᠳᠠ ᠬᠢᠵᠦ ᠰᠢᠨ᠎ᠠ ᠶᠢ ᠡᠬᠦᠳᠬᠦ ᠵᠤᠷᠢᠭ ᠰᠠᠨᠠᠭ᠎ᠠ ᠪᠠᠷ ᠨᠠᠮ ᠤᠨ ᠪᠦᠬᠦ ᠲᠠᠯ᠎ᠡ ᠶᠢᠨ ᠤᠳᠤᠷᠢᠳᠤᠯᠭ᠎ᠠ ᠪᠠ | ᠨᠠᠮ ᠤᠨ ᠪᠠᠶᠢᠭᠤᠯᠤᠯᠳᠠ ᠶᠢᠨ ᠲᠠᠯ᠎ᠡ ᠪᠠᠷ ᠦᠯᠢᠭᠡᠷ ᠲᠠᠭᠤᠷᠢᠶᠠᠯ ᠦᠵᠡᠬᠦᠯᠬᠦ ᠭᠡᠷᠡᠭᠳᠠᠢ᠃ ᠦᠷᠭᠡᠨ ᠤᠯᠠᠨ ᠨᠠᠮ ᠤᠨ | ᠭᠡᠰᠢᠬᠦᠨ᠂ ᠺᠠᠳ᠋ᠷ ᠬᠦᠰᠡᠯᠡᠩ ᠢᠳᠡᠭᠡᠯ ᠪᠢᠰᠢᠷᠠᠯ ᠢᠶᠠᠨ ᠪᠠᠳᠤᠳᠬᠠᠵᠤ᠂ ᠮᠡᠳᠡᠯᠭᠡ ᠤᠢᠢᠯᠠᠭᠠᠬᠳᠠᠬᠤᠨ ᠢᠶᠠᠨ | ᠰᠢᠨᠡᠴᠢᠯᠡᠨ᠂ ᠴᠠᠭᠠᠷᠠᠬᠰᠠᠨ ᠡᠷᠳᠡᠮ ᠴᠢᠳᠠᠪᠤᠷᠢ ᠶᠢ ᠡᠵᠡᠮᠰᠢᠵᠤ᠂ ᠤᠬᠠᠮᠰᠠᠷ ᠠᠴᠠ ᠪᠠᠨ ᠨᠠᠮ ᠪᠠ ᠤᠯᠤᠰ ᠤᠨ ᠶᠡᠭᠡ | ᠲᠠᠯ᠎ᠡ ᠳᠤ ᠵᠤᠬᠰᠤᠨ ᠠᠰᠠᠭᠤᠳᠠᠯ ᠢ ᠪᠤᠳᠤᠯᠬᠢᠯᠠᠨ᠂ ᠤᠴᠢᠷ ᠶᠠᠪᠤᠳᠠᠯ ᠢ ᠰᠢᠢᠳᠪᠤᠷᠢᠯᠡᠬᠦ ᠭᠡᠷᠡᠭᠳᠠᠢ᠃ ᠨᠠᠮ ᠤᠨ | ᠭᠡᠰᠢᠬᠦᠨ᠂ ᠺᠠᠳ᠋ᠷᠴᠤᠳ ᠤᠨ ᠠᠵᠢᠯ ᠬᠢᠵᠤ ᠦᠢᠯᠡᠰ ᠪᠤᠰᠬᠠᠬᠤ ᠬᠠᠯᠠᠭᠤᠨ ᠰᠡᠳᠬᠢᠯᠭᠡ ᠪᠠ ᠡᠷᠴᠢ ᠵᠤᠷᠢᠭ ᠢ ᠨᠢ | ᠬᠦᠭᠵᠢᠭᠡᠬᠦ ᠭᠡᠷᠡᠭᠳᠠᠢ᠃ ᠴᠦᠬᠦᠷᠡᠰᠢ ᠦᠭᠡᠢ ᠪᠠᠷ ᠰᠤᠷᠳᠠᠯ ᠢ ᠲᠦᠪ ᠪᠤᠯᠭᠠᠵᠤ ᠰᠠᠬᠢᠯᠭ᠎ᠠ ᠪᠠᠳᠤ ᠶᠢ ᠴᠢᠩᠳᠠᠯᠠᠨ᠂ | ᠡᠷᠡᠰ ᠭᠤᠶᠢᠪᠢᠰᠢ ᠦᠭᠡᠢ ᠪᠠᠷ ᠢᠯᠵᠡᠷᠡᠯ ᠢ ᠵᠠᠯᠬᠠᠭᠠᠨ ᠰᠢᠢᠳᠭᠡᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ | ᠡᠷᠡᠰ ᠡᠰᠡᠷᠬᠦᠴᠡᠨ᠂ ᠰᠤᠷᠳᠠᠯ ᠴᠢᠭᠡᠴᠢ ᠤᠪᠤᠷ ᠲᠦᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ | ᠪᠤᠯᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠪᠤᠯ ᠪᠤᠳᠠᠰ ᠤᠨ ᠪᠤᠯᠪᠠᠰᠤᠨ ᠪᠠ | ᠤᠶᠤᠨ ᠤ ᠪᠤᠯᠪᠠᠰᠤᠨ ᠪᠦᠬᠦ ᠲᠠᠯ᠎ᠡ ᠪᠠᠷ ᠬᠦᠭᠵᠢᠭᠰᠡᠨ ᠨᠡᠶᠢᠭᠡᠮ ᠵᠢᠷᠤᠮ ᠮᠦᠨ᠃ ᠠᠵᠤ ᠠᠬᠤᠢ ᠶᠢᠨ ᠤᠨᠴᠠᠭᠠᠢ | ᠤᠷᠤᠨ ︽ᠬᠤᠶᠠᠷ ᠲᠠᠯ᠎ᠡ ᠪᠠᠷ ᠠᠳᠬᠤᠬᠤ ᠪᠦᠭᠡᠳ ᠬᠤᠶᠠᠷ ᠲᠠᠯ᠎ᠡ ᠶᠢ ᠴᠦᠮ ᠴᠢᠩᠭ᠎ᠠ ᠠᠳᠬᠤᠬᠤ︾ ᠶᠢ | ᠪᠠᠷᠢᠮᠳᠠᠯᠠᠵᠤ᠂ ᠪᠤᠳᠠᠰ ᠤᠨ ᠪᠤᠯᠪᠠᠰᠤᠨ ᠤ ᠪᠠᠶᠢᠭᠤᠯᠤᠯᠳᠠ ᠪᠠ ᠤᠶᠤᠨ ᠤ ᠪᠤᠯᠪᠠᠰᠤᠨ ᠤ ᠪᠠᠶᠢᠭᠤᠯᠤᠯᠳᠠ ᠳᠤ | ᠰᠢᠯᠢᠳᠡᠭ ᠬᠠᠷᠢᠭᠤᠯᠳᠠ ᠶᠢᠨ ᠬᠠᠭᠤᠳᠠᠰᠤ ᠶᠢ ᠲᠤᠰᠢᠶᠠᠬᠤ ᠭᠡᠷᠡᠭᠳᠠᠢ᠃ ᠬᠦᠰᠡᠯᠡᠩ ᠢᠳᠡᠭᠡᠯ ᠪᠢᠰᠢᠷᠡᠯ ᠤᠨ | ᠬᠦᠮᠦᠵᠢᠯ ᠢ ᠴᠢᠩᠭᠠᠳᠬᠠᠨ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢ ᠪᠤᠶᠢᠵᠢᠭᠤᠯᠤᠨ | ᠦᠢᠯᠡᠳᠦᠯᠭᠡᠵᠢᠬᠦᠯᠵᠤ᠂ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠤᠯ ᠪᠤᠯᠭᠠᠬᠰᠡᠨ ᠦᠨᠳᠤᠰᠤᠳᠡᠨ ᠤ ᠵᠤᠷᠢᠭ | ᠰᠠᠨᠠᠭ᠎ᠠ ᠪᠠ ᠦᠭᠡᠷᠡᠴᠢᠯᠡᠯᠳᠠ ᠬᠢᠵᠦ ᠰᠢᠨ᠎ᠡ ᠶᠢ ᠡᠬᠦᠳᠬᠦ ᠪᠠᠷ ᠭᠤᠤᠯ ᠪᠤᠯᠭᠠᠬᠰᠡᠨ ᠴᠠᠭ ᠦᠶ᠎ᠡ ᠶᠢᠨ ᠵᠤᠷᠢᠭ | ᠰᠠᠨᠠᠭ᠎ᠠ ᠶᠢ ᠪᠠᠳᠠᠷᠠᠭᠤᠯᠤᠨ᠂ ᠵᠤᠷᠢᠬᠳᠠᠢ ᠬᠢᠵᠤ ᠵᠤᠷᠢᠬᠳᠠᠢ ᠲᠤᠷᠰᠢᠬᠤ᠂ ᠪᠤᠰᠤᠳ ᠠᠴᠠ ᠵᠤᠷᠢᠬᠳᠠᠢ ᠲᠦᠷᠦᠬᠦᠯᠡᠬᠦ᠂ | ᠰᠢᠷᠭᠠᠭᠤ ᠬᠠᠳᠠᠭᠤᠵᠢᠯᠳᠠᠢ ᠠᠵᠢᠯᠯᠠᠬᠤ ᠤᠨᠴᠠᠭᠠᠢ ᠤᠷᠤᠨ ᠤ ᠵᠤᠷᠢᠭ ᠰᠠᠨᠠᠭ᠎ᠠ ᠶᠢ ᠦᠷᠬᠦᠯᠵᠢᠯᠡᠨ ᠪᠠᠳᠠᠷᠠᠭᠤᠯᠵᠤ᠂ | ᠦᠷᠭᠡᠨ ᠤᠯᠠᠨ ᠺᠠᠳ᠋ᠷ ᠤᠯᠠᠨ ᠲᠦᠮᠡᠨ ᠢᠯᠠᠩᠭᠤᠶ᠎ᠡ ᠵᠠᠯᠠᠭᠤᠴᠤᠳ ᠪᠠᠭᠠᠴᠤᠳ ᠢ ᠬᠦᠳᠤᠯᠤᠨ ᠲᠠᠭᠠᠭᠤᠯᠵᠤ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠳᠡᠭᠡᠯ᠂ ᠤᠨᠤᠯ ᠤᠨ ᠢᠳᠡᠭᠡᠯ᠂ | ᠪᠠᠶᠢᠭᠤᠯᠤᠯ ᠤᠨ ᠢᠳᠡᠭᠡᠯ᠂ ᠰᠤᠶᠤᠯ ᠤᠨ ᠢᠳᠡᠭᠡᠯ ᠢ ᠪᠠᠳᠤᠳᠬᠠᠬᠤ ᠭᠡᠷᠡᠭᠳᠠᠢ᠃ ᠤᠯᠠᠨ ᠲᠦᠮᠡᠨᠴᠢ ᠴᠢᠨᠠᠷᠳᠠᠢ | ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠠᠷᠠᠳ ᠲᠦᠮᠡᠨ ᠤ | ᠪᠤᠯᠪᠠᠰᠤᠨ ᠬᠡᠪ ᠰᠤᠷᠳᠠᠯ ᠪᠠ ᠨᠡᠶᠢᠭᠡᠮ ᠤᠨ ᠪᠤᠯᠪᠠᠰᠤᠨ ᠤ ᠬᠡᠮᠵᠢᠶ᠎ᠡ ᠶᠢ ᠲᠠᠰᠤᠷᠠᠯᠳᠠ ᠦᠭᠡᠢ ᠲᠡᠭᠡᠭᠰᠢᠯᠡᠬᠦᠯᠬᠦ | ᠭᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠲᠡᠭᠡᠷ᠎ᠡ᠂ ᠱᠧᠨᠵᠧᠨ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠧᠢ ᠵᠦᠩ᠂ ᠶᠠᠨ ᠰᠢᠶᠠᠩ | ᠲᠡᠭᠡᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠲ᠋ᠤᠺ ᠡᠵᠡᠮᠰᠢᠬᠦ ᠪᠦᠯᠦᠭᠯᠡᠯ ᠺᠤᠮᠫᠠᠨᠢ ᠶᠢᠨ ᠭᠡᠷᠡᠭ | ᠮᠡᠳᠡᠭᠴᠢᠳ ᠤᠨ ᠲᠤᠪᠴᠢᠶᠠᠨ ᠤ ᠲᠡᠷᠢᠬᠦᠯᠡᠭᠴᠢ ᠴᠧᠨ ᡁᠢ ᠯᠢᠶᠧ᠂ ᠲᠤᠮᠳᠠᠳᠤ ᠤᠯᠤᠰ ᠤᠨ ᠪᠠᠷᠢᠯᠭ᠎ᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠤᠷᠢ ᠶᠢᠨ ᠪᠦᠯᠦᠭᠯᠡᠯ ᠤᠨ ᠬᠢᠵᠠᠭᠠᠷᠳᠦ ᠺᠤᠮᠫᠠᠨᠢ ᠶᠢᠨ | ᠡᠮᠤᠨᠠᠳᠤ ᠤᠷᠤᠨ ᠤ ᠶᠡᠭᠡ ᠲᠤᠭᠤᠷᠢᠭ ᠤᠨ ᠶᠡᠷᠤᠩᠭᠡᠢ ᠢᠨᠵᠧᠨᠧᠷ ᠯᠤ᠋ ᠵᠢᠶᠠᠨ ᠰᠢᠨ ᠤᠷᠢᠳ ᠬᠤᠵᠢᠳ ᠦᠭᠡ | ᠬᠡᠯᠡᠪᠡ᠃ | ᠯᠢ ᠰᠢ ᠶᠡᠭᠡ ᠬᠤᠷᠠᠯ ᠢ ᠡᠷᠬᠢᠯᠠᠪᠠ᠃ ᠳ᠋ᠢᠩ ᠰᠢᠤᠸᠠᠢ ᠰᠢᠶᠠᠩ᠂ ᠯᠢᠤ ᠾᠧ᠂ ᠴᠧᠨ ᠰᠢ᠂ ᠬᠤᠸᠠᠩ ᠺᠦᠨ | ᠮᠢᠩ᠂ ᠸᠠᠩ ᠳ᠋ᠦᠩ ᠮᠢᠩ᠂ ᠳ᠋ᠦᠩ ᠵᠢᠶᠠᠨ ᠬᠤᠸᠠ᠂ ᠾᠧ ᠾᠸᠦ ᠬᠤᠸᠠ᠂ ᠯᠢᠶᠠᠩ ᠵᠧᠨ ᠶᠢᠩ᠂ ᠰᠢᠶᠠ ᠪᠤᠤ | ᠯᠦᠩ᠂ ᠾᠧ ᠯᠢ ᠹᠧᠩ ᠪᠠ ᠮᠢᠶᠤᠤ ᠬᠤᠸᠠ ᠶᠡᠭᠡ ᠬᠤᠷᠠᠯ ᠳᠤ ᠤᠷᠤᠯᠴᠠᠵᠠᠢ᠃ | ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠵᠠᠬᠢᠷᠭᠠᠨ ᠤ ᠲᠠᠷᠤᠭ᠎ᠠ ᠯᠢᠨ ᠵᠧᠩ ᠶᠤᠸᠠᠢ | ᠡᠸ᠋᠂ ᠤᠤᠮᠸᠠ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠵᠠᠬᠢᠷᠭᠠᠨ ᠤ ᠲᠠᠷᠤᠭ᠎ᠠ ᠾᠧ ᠢ ᠴᠧᠩ᠂ | ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ | ᠨᠦᠬᠦᠳ᠂ ᠭᠤᠸᠠᠩᠳᠦ᠋ᠩ ᠮᠤᠵᠢ ᠶᠢᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠨᠦᠬᠦᠳ᠂ ᠱᠧᠨᠵᠧᠨ᠂ ᠵᠦᠬᠠᠢ᠂ | ᠱᠠᠨᠳ᠋ᠸᠤ᠂ ᠰᠢᠶᠠᠮᠸᠡ᠂ ᠬᠠᠶᠢᠨᠠᠨ ᠤ ᠠᠵᠤ ᠠᠬᠤᠢ ᠶᠢᠨ ᠤᠨᠴᠠᠭᠠᠢ ᠤᠷᠤᠨ ᠪᠠ ᠫᠦᠳᠦ᠋ᠩ᠂ ᠪᠢᠨᠬᠠᠢ᠂ ᠰᠢᠶᠦ᠋ᠩ | ᠠᠨ ᠰᠢᠨ᠎ᠡ ᠲᠤᠭᠤᠷᠢᠭ ᠤᠨ ᠭᠤᠤᠯ ᠬᠠᠷᠢᠭᠤᠴᠠᠯᠭᠠᠳᠠᠨ ᠨᠦᠬᠦᠳ᠂ ᠱᠧᠨᠵᠧᠨ ᠤ ᠠᠵᠢᠯ ᠲᠦᠷᠦᠯ ᠢᠶᠠᠷ ᠲᠠᠮᠵᠢᠵᠤ᠂ | ᠬᠠᠮᠵᠢᠯᠴᠠᠡ ᠬᠠᠪᠰᠤᠷᠤᠨ ᠲᠡᠳᠭᠦᠬᠦ ᠭᠠᠵᠠᠷ ᠤᠷᠤᠨ ᠤ ᠭᠤᠤᠯ ᠬᠠᠷᠢᠭᠤᠴᠠᠯᠭᠠᠳᠠᠨ ᠨᠦᠬᠦᠳ᠂ ᠰᠢᠶᠠᠩᠭᠠᠩ | ᠤᠤᠮᠸᠠ ᠲᠠᠶᠢᠸᠠᠨ ᠤ ᠬᠦᠮᠦᠰ ᠤᠨ ᠲᠦᠯᠦᠭᠡᠯᠡᠭᠴᠢ᠂ ᠭᠠᠳᠠᠭᠠᠳᠤ ᠶᠢᠨ ᠵᠤᠴᠢᠳ ᠤᠨ ᠲᠦᠯᠦᠭᠡᠯᠡᠭᠴᠢ᠂ ᠱᠧᠨᠵᠧᠨ ᠤ | ᠡᠯ᠎ᠡ ᠡᠳᠡᠭᠡᠳ ᠤᠨ ᠲᠦᠯᠦᠭᠡᠯᠡᠭᠴᠢᠳ ᠶᠡᠭᠡ ᠬᠤᠷᠠᠯ ᠳᠤ ᠤᠷᠤᠯᠴᠠᠵᠠᠢ᠃ | ᠲᠤᠰ ᠡᠳᠦᠷ ᠤᠨ ᠦᠳᠠ ᠶᠢᠨ ᠬᠤᠶᠢᠨ᠎ᠡ᠂ ᠰᠢ ᠶᠢᠨ ᠫᠢᠩ ᠯᠢᠶᠠᠨ ᠬᠤᠸᠠ ᠱᠠᠨ ᠴᠡᠴᠡᠷᠯᠢᠭ ᠲᠤ ᠬᠦᠷᠴᠤ᠂ | ᠳ᠋ᠧᠩ ᠰᠢᠶᠤᠤ ᠫᠢᠩ ᠨᠦᠬᠦᠷ ᠤᠨ ᠬᠦᠷᠡᠯ ᠱᠤᠭᠤᠮᠠᠯ ᠳᠤ ᠰᠠᠭᠰᠠᠳᠤ ᠴᠡᠴᠡᠭ ᠬᠦᠷᠭᠡᠪᠡ᠃ ᠰᠢ ᠶᠢᠨ ᠫᠢᠩ | ᠠᠯᠭᠤᠷᠬᠠᠨ ᠢᠶᠠᠷ ᠬᠦᠷᠡᠯ ᠱᠤᠭᠤᠮᠠᠯ ᠤᠨ ᠶᠠᠨᠳᠠᠷ ᠲᠤ ᠭᠠᠷᠴᠤ᠂ ᠰᠠᠭᠰᠠᠳᠤ ᠴᠡᠴᠡᠭ ᠲᠡᠭᠡᠷᠡᠬᠢ ᠤᠯᠠᠭᠠᠨ ᠪᠦᠴᠡ ᠶᠢ | ᠨᠠᠷᠢᠨ ᠨᠢᠮᠪᠠᠢ ᠲᠡᠭᠰᠢᠯᠡᠨ᠂ ᠤᠯᠠᠨ ᠲᠠᠢ ᠬᠠᠮᠳᠤ ᠬᠦᠷᠡᠯ ᠱᠤᠭᠤᠮᠠᠯ ᠳᠤ ᠭᠤᠷᠪᠠᠨᠳᠠ ᠶᠤᠰᠤᠯᠠᠵᠤ᠂ ᠳ᠋ᠧᠩ ᠰᠢᠶᠤᠤ | ᠫᠢᠩ ᠨᠦᠬᠦᠷ ᠲᠤ ᠡᠷᠬᠢᠮ ᠲᠡᠭᠡᠳᠤ ᠬᠦᠨᠳᠦᠳᠭᠡᠯ ᠲᠠᠪᠰᠢᠬᠦᠯᠵᠤ ᠲᠡᠭᠦᠨ ᠢ ᠬᠦᠨ᠎ᠡ ᠲᠤᠷᠠᠰᠤᠨ ᠰᠠᠨᠠᠭᠠᠯᠵᠠᠵᠤ | ᠪᠠᠶᠢᠬᠤ ᠪᠠᠨ ᠢᠯᠡᠳᠭᠡᠪᠡ᠃ | ᠰᠢ ᠶᠢᠨ ᠫᠢᠩ ᠨᠠᠷ ᠪᠠᠰᠠ ︽ᠤᠷᠢᠳ ᠢᠶᠠᠷ ᠬᠢᠵᠤ ᠤᠷᠢᠳ ᠢᠶᠠᠷ ᠲᠤᠷᠰᠢᠬᠤ ᠠᠴᠠ ᠤᠷᠢᠳ ᠢᠶᠠᠷ ᠬᠢᠵᠤ | ᠵᠢᠱᠢᠶ᠎ᠡ ᠦᠵᠡᠬᠦᠯᠬᠦ ᠬᠦᠷᠳᠡᠯ᠎ᠡ — ᠱᠧᠨᠵᠧᠨ ᠤ ᠠᠵᠤ ᠠᠬᠤᠢ ᠶᠢᠨ ᠤᠨᠴᠠᠭᠠᠢ ᠤᠷᠤᠨ ᠪᠠᠶᠢᠭᠤᠯᠤᠬᠳᠠᠬᠰᠡᠨ 40 | ᠵᠢᠯ ᠤᠨ ᠤᠢ ᠶᠢ ᠪᠠᠶᠠᠷᠯᠡᠨ ᠪᠡᠯᠭᠡᠯᠡᠬᠦ ᠲᠡᠯᠭᠡᠨ ᠦᠵᠡᠬᠦᠯᠭᠡ︾ ᠶᠢ ᠲᠤᠭᠤᠷᠢᠨ ᠦᠵᠡᠵᠤ᠂ ᠪᠡᠯᠭᠡᠯᠡᠬᠦ ᠶᠡᠭᠡ | ᠬᠤᠷᠠᠯ ᠳᠤ ᠤᠷᠤᠯᠴᠠᠬᠰᠡᠨ ᠭᠡᠰᠡᠭ ᠲᠦᠯᠦᠭᠡᠯᠡᠭᠴᠢ ᠲᠠᠢ ᠲᠤᠳᠤᠨᠤ ᠪᠠᠷ ᠠᠭᠤᠯᠵᠠᠬᠰᠡᠨ ᠪᠦᠭᠡᠳ ᠤᠯᠠᠨ ᠲᠠᠢ | ᠬᠠᠮᠳᠤ ᠶᠢᠨ ᠰᠡᠬᠦᠳᠡᠷ ᠲᠠᠳᠠᠭᠤᠯᠵᠤ ᠲᠤᠷᠠᠰᠬᠠᠯ ᠦᠯᠡᠳᠡᠭᠡᠪᠡ᠃ |