ᠱᠢ ᠲᠠᠢ ᠹᠧᠩ ᠪᠦ᠋ ᠰᠢᠶᠤᠤ ᠯᠢᠨ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠸᠤ ᠨᠠᠢ ᠰᠢᠶᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2020/10/19
     10 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠬᠥᠬᠡᠬᠤᠲᠠ ᠳᠤ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠧᠤ ᠨᠠᠢ ᠰᠢᠶᠠᠩ ᠲᠠᠢ ᠠᠭᠤᠯᠵᠠᠪᠠ᠃      ᠱᠢ ᠲᠠᠢ ᠹᠧᠩ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ ᠤᠨ ᠬᠢᠨ ᠤ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠢᠳᠡᠪᠬᠢᠲᠡᠢ ᠣᠷᠣᠯᠴᠠᠵᠤ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ ᠨᠢ ᠥᠪᠥᠷ ᠮᠣᠩᠭᠤᠯ ᠯᠤᠭ᠎ᠠ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠬᠤᠶᠠᠷ ᠲᠠᠯ᠎ᠠ ᠪᠠᠷ ᠢᠶᠠᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠠᠮᠳᠤᠷᠠᠯᠴᠠᠭᠠᠨ ᠤ ᠡᠷᠴᠢᠮ ᠢᠶᠠᠨ ᠤᠯᠠᠮ ᠴᠢᠩᠭᠠᠷᠠᠭᠤᠯᠵᠤ᠂ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠠᠮᠲᠤᠷᠠᠯᠴᠠᠭᠠᠨ ᠤ ᠵᠠᠭᠪᠤᠷ ᠢ ᠰᠢᠨᠡᠴᠢᠯᠡᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠬᠦᠷᠢᠶᠡᠨ ᠳᠤ ᠪᠠᠶᠢᠯᠳᠤᠬᠤ ᠪᠤᠳᠤᠯᠭ᠎ᠠ ᠶᠢᠨ ᠵᠣᠯᠭᠠᠭᠤᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠤᠨ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠥ ᠪᠤᠢ ᠬᠡᠪᠡ᠃      ᠵᠧᠤ ᠨᠠᠢ ᠰᠢᠶᠠᠩ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ ᠤᠨ ᠬᠢᠨ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠴᠡᠭᠡ ᠲᠠᠢ ᠪᠦᠬᠦ ᠲᠠᠯ᠎ᠠ ᠪᠠᠷ ᠣᠨᠣᠴᠡᠲᠠᠶ ᠵᠣᠯᠭᠠᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠬᠤᠲᠠ ᠶᠢᠨ ᠬᠡᠰᠡᠭ ᠲᠣᠭᠤᠷᠢᠭ ᠢ ᠨᠡᠭᠡᠭᠡᠨ ᠬᠥᠭᠵᠢᠭᠦᠯᠬᠦ ᠵᠡᠷᠭᠡ ᠬᠦᠷᠢᠶᠡᠨ ᠳᠤ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠳᠤᠮᠳᠠᠳᠤ ᠤᠯᠤᠰ ᠤᠨ ᠪᠠᠷᠢᠯᠭ᠎ᠠ ᠶᠢᠨ ᠪᠦᠯᠦᠭᠯᠡᠯ ᠤᠨ ᠬᠦᠴᠦᠨ ᠢ ᠨᠠᠩ ᠣᠯᠠᠨ ᠨᠡᠮᠡᠷᠢᠯᠡᠨ᠎ᠡ ᠬᠡᠵᠥ ᠢᠯᠡᠳᠬᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠵᠢᠴᠢ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号