ᠮᠠᠨ ᠤ ᠣᠷᠣᠨ ᠤ ᠠᠮᠤ ᠪᠤᠳᠠᠭ᠎ᠠ ᠠᠷᠪᠠᠨ ᠵᠢᠷᠭᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2020/10/20
     ᠨᠠᠮᠤᠷ ᠤᠨ ᠬᠤᠷᠢᠶᠠᠯᠲᠠ ᠶᠢᠨ ᠦᠶ᠎ᠡ ᠶᠢᠨ ᠬᠥᠬᠡᠬᠤᠲᠠ ᠶᠢᠨ ᠦᠴᠤᠸᠠᠨ ᠰᠢᠶᠠᠨ      10 ᠳ᠋ᠤᠭᠠᠷ ᠰᠠᠷ᠎ᠠ ᠶᠢᠨ 16᠎ ᠤ ᠡᠳᠦᠷ ᠪᠣᠯ 2020 ᠣᠨ ᠤ ᠳᠡᠯᠡᠬᠡᠶ ᠶᠢᠨ ᠠᠮᠤ ᠪᠤᠳᠠᠭᠠᠨ ᠤ ᠡᠳᠦᠷ ᠪᠠᠶᠢᠵᠤ᠂ ᠪᠥᠬᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠥᠪᠡᠷᠲᠡᠭᠡᠨ ᠵᠠᠰᠠᠬᠤ ᠣᠷᠣᠨ ᠤ ᠭᠤᠤᠯ ᠲᠠᠯᠠᠪᠠᠶ ᠶᠢᠨ ᠠᠵᠢᠯᠯᠠᠭ᠎ᠠ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠲᠤ ᠶᠠᠪᠤᠭᠳᠠᠪᠠ᠃ ᠡᠨᠡ ᠵᠢᠯ ᠤᠨ ᠳᠡᠯᠡᠬᠡᠶ ᠶᠢᠨ ᠠᠮᠤ ᠪᠤᠳᠠᠭᠠᠨ ᠤ ᠡᠳᠦᠷ ᠤᠨ ᠭᠤᠤᠯ ᠰᠡᠳᠦᠪ ᠪᠣᠯ ︽ᠬᠠᠮᠲᠤ ᠪᠠᠷ ᠦᠰᠦᠨ ᠪᠤᠶᠢᠵᠢᠵᠤ᠂ ᠬᠠᠮᠲᠤ ᠪᠠᠷ ᠴᠡᠴᠡᠭᠯᠡᠨ ᠥᠷᠨᠢᠵᠦ᠂ ᠬᠠᠮᠲᠤ ᠪᠠᠷ ᠥᠷᠭᠦᠯᠵᠢᠯᠡᠨ ᠬᠥᠭᠵᠢᠵᠦ᠂ ᠠᠵᠢᠯᠯᠠᠭ᠎ᠠ ᠪᠠᠷ ᠢᠶᠠᠨ ᠢᠷᠡᠭᠡᠳᠦᠢ ᠶᠢ ᠴᠣᠭᠴᠠᠯᠠᠨ ᠪᠠᠶᠢᠭᠤᠯᠬᠤ︾ ᠪᠣᠯᠣᠨ᠎ᠠ᠂ ᠮᠠᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪ ᠪᠣᠯ ︽ᠳᠤᠮᠳᠠᠳᠤ ᠤᠯᠤᠰ ᠤᠨ ᠠᠮᠤ ᠪᠤᠳᠠᠭᠠᠨ ᠤ ᠬᠥᠮᠥᠷᠭᠡ ᠶᠢ ᠪᠠᠲᠤ ᠴᠣᠭᠴᠠᠯᠠᠵᠤ᠂ ᠪᠦᠬᠦ ᠪᠥᠮᠪᠥᠷᠴᠡᠭ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠲᠤ ᠪᠠᠷ ᠴᠣᠭᠴᠠᠯᠠᠶ᠎ᠠ︾ ᠪᠣᠯᠣᠨ᠎ᠠ᠃      ᠣᠶᠢᠯᠠᠭᠠᠭᠰᠠᠨ ᠢᠶᠠᠷ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ᠂ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠪᠦᠬᠦ ᠤᠯᠤᠰ ᠤᠨ ᠠᠮᠤ ᠪᠤᠳᠠᠭᠠᠨ ᠤ ᠭᠤᠤᠯ ᠭᠠᠷᠤᠯᠲᠠ ᠶᠢᠨ 13 ᠮᠤᠵᠢ ᠣᠷᠣᠨ ᠪᠣᠯᠤᠨ ᠠᠮᠤ ᠪᠤᠳᠠᠭ᠎ᠠ ᠴᠡᠪᠡᠷ ᠰᠢᠯᠵᠢᠭᠦᠯᠦᠨ ᠭᠠᠷᠭᠠᠬᠤ 6 ᠮᠤᠵᠢ ᠣᠷᠣᠨ ᠤ ᠨᠢᠭᠡ ᠨᠢ ᠪᠣᠯᠤᠭᠰᠠᠨ ᠪᠦᠭᠡᠳ ᠤᠷᠢᠳ ᠡᠮᠦᠨ᠎ᠡ ᠪᠠᠶᠢᠭ᠎ᠠ ᠦᠭᠡᠶ ︽ᠠᠷᠪᠠᠨ ᠵᠢᠷᠭᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾᠎ ᠶᠢ ᠪᠡᠶᠡᠯᠡᠭᠦᠯᠵᠡᠶ᠂ ᠢᠯᠠᠩᠭᠤᠶ᠎ᠠ 2018 ᠣᠨ ᠠᠴᠠ ᠡᠬᠢᠯᠡᠨ᠂ ᠠᠮᠤ ᠪᠤᠳᠠᠭᠠᠨ ᠤ ᠵᠢᠯ ᠤᠨ ᠤᠨᠠᠯᠲᠠ 700 ᠳ᠋ᠦᠩᠰᠢᠭᠤᠷ ᠵᠢᠩ ᠢ ᠳᠠᠪᠠᠵᠤ᠂ ᠰᠢᠨ᠎ᠡ ᠳᠠᠪᠠᠯᠲᠠ ᠶᠢ ᠪᠡᠶᠡᠯᠡᠭᠦᠯᠦᠨ᠂ ᠪᠦᠬᠦ ᠤᠯᠤᠰ ᠤᠨ ᠡᠯ᠎ᠡ ᠮᠣᠵᠢ ᠣᠷᠣᠨ ᠬᠤᠲᠠ ᠶᠢᠨ ᠨᠠᠢᠮᠠᠳᠤᠭᠠᠷ ᠨᠡᠷᠡᠰ ᠲᠤ ᠲᠣᠭᠲᠠᠪᠤᠷᠢᠵᠢᠪᠠ᠃ ᠣᠳᠣᠬᠠᠨ ᠳᠤ᠂ ᠪᠥᠬᠦ ᠣᠷᠣᠨ ᠤ ᠠᠮᠤ ᠪᠤᠳᠠᠭᠠᠨ ᠤ ᠬᠥᠮᠥᠷᠭᠡᠯᠡᠯᠲᠡ ᠡᠯᠪᠡᠭ ᠳᠡᠯᠪᠡᠭ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭᠠᠨ ᠤ ᠬᠥᠮᠥᠷᠭᠡᠯᠡᠯᠲᠡ ᠶᠢᠨ ᠶᠠᠰᠤ ᠴᠢᠨᠠᠷ ᠰᠠᠶᠢᠨ ᠪᠠᠶᠢᠵᠤ᠂ ᠣᠷᠣᠨ ᠨᠤᠲᠤᠭ ᠤᠨ ᠬᠥᠮᠥᠷᠭᠡᠯᠡᠨ ᠬᠠᠳᠠᠭᠠᠯᠠᠵᠤ ᠪᠠᠶᠢᠭ᠎ᠠ ᠬᠠᠷ᠎ᠠ ᠪᠤᠳᠠᠭ᠎ᠠ ᠣᠷᠣᠨ ᠤ ᠳᠣᠲᠣᠷᠠᠬᠢ ᠬᠥᠮᠦᠨ ᠠᠮᠠ ᠶᠢᠨ ᠨᠢᠭᠡ ᠵᠢᠯ ᠬᠠᠭᠠᠰ ᠤᠨ ᠬᠡᠷᠡᠭᠯᠡᠭᠡᠨ ᠤ ᠬᠡᠮᠵᠢᠶ᠎ᠡ ᠳᠤ ᠬᠠᠩᠭᠠᠵᠤ ᠳᠡᠶᠢᠯᠦᠨ᠎ᠡ᠃      ᠣᠷᠣᠨ ᠤ ᠳᠣᠲᠣᠷᠠᠬᠢ ᠡᠯ᠎ᠡ ᠲᠠᠯ᠎ᠠ ᠶᠢᠨ ᠠᠮᠤ ᠪᠤᠳᠠᠭ᠎ᠠ ᠬᠡᠷᠡᠭᠯᠡᠬᠦ ᠬᠡᠷᠡᠭᠴᠡᠭᠡ ᠶᠢ ᠬᠠᠩᠭᠠᠬᠤ ᠶᠢᠨ ᠬᠠᠮᠲᠤ ᠮᠠᠨ ᠤ ᠣᠷᠣᠨ ᠪᠠᠰᠠ ᠮᠤᠵᠢ ᠣᠷᠣᠨ ᠤ ᠬᠤᠭᠤᠷᠣᠨᠳᠣᠬᠢ ᠠᠮᠤ ᠪᠤᠳᠠᠭ᠎ᠠ ᠶᠢᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠮᠵᠢᠯᠴᠠᠭ᠎ᠠ ᠪᠣᠯᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠴᠢᠬᠤᠯᠠᠴᠢᠯᠠᠨ ᠬᠥᠭᠵᠢᠭᠦᠯᠵᠦ ᠪᠤᠢ᠃ 2019 ᠣᠨ ᠪᠣᠯᠲᠠᠯ᠎ᠠ᠂ ᠮᠠᠨ ᠤ ᠣᠷᠣᠨ ᠤᠷᠢᠳ ᠬᠤᠵᠢᠳ ᠭᠤᠸᠠᠩᠳᠦ᠋ᠩ ᠬᠠᠶᠢᠨᠠᠨ ᠵᠡᠷᠭᠡ 10 ᠮᠤᠵᠢ ᠣᠷᠣᠨ ᠲᠠᠢ ᠠᠮᠤ ᠪᠤᠳᠠᠭᠠᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠵᠢᠯ ᠪᠦᠷᠢ ᠪᠠᠷᠤᠭ 450 ᠳ᠋ᠦᠩᠰᠢᠭᠤᠷ ᠵᠢᠩ ᠠᠮᠤ ᠪᠤᠳᠠᠭ᠎ᠠ ᠵᠢᠴᠢ ᠦᠢᠯᠡᠳᠪᠦᠷᠢᠯᠡᠭᠰᠡᠨ ᠪᠦᠲᠦᠭᠡᠭᠳᠡᠬᠦᠨ ᠢᠶᠠᠨ ᠣᠷᠣᠨ ᠤ ᠭᠠᠳᠠᠨ᠎ᠠ ᠰᠢᠯᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠠᠬᠢᠭᠤᠯᠬᠤ ᠦᠢᠯᠡᠳᠦᠯ ᠦᠵᠡᠭᠦᠯᠵᠡᠶ᠃       ᠲᠤᠰ ᠤᠳᠠᠭᠠᠨ ᠤ ᠠᠵᠢᠯᠯᠠᠭᠠᠨ ᠳᠤ᠂ ᠳᠤᠮᠳᠠᠳᠤ ᠤᠯᠤᠰ ᠤᠨ ᠠᠮᠤ ᠪᠤᠳᠠᠭᠠᠨ ᠤ ᠰᠤᠳᠤᠯᠭᠠᠨ ᠪᠣᠯᠪᠠᠰᠤᠷᠠᠭᠤᠯᠤᠯ ᠤᠨ ᠲᠥᠪ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠮᠤ ᠪᠤᠳᠠᠭᠠᠨ ᠤ ᠠᠮᠤᠷ ᠲᠦᠪᠰᠢᠨ ᠤ ᠪᠠᠶᠢᠳᠠᠯ ᠪᠣᠯᠤᠨ ᠬᠤᠣᠰ ᠣᠷᠴᠢᠯᠲᠤ ᠰᠢᠨ᠎ᠡ ᠬᠥᠭᠵᠢᠯᠲᠡ ᠶᠢᠨ ᠪᠠᠶᠢᠷᠢᠰᠢᠯ ᠳᠣᠤᠷᠠᠬᠢ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠤᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠨᠡᠶᠢᠲᠡᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号