ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠢᠯᠡᠷᠬᠡᠶᠢᠯᠡᠯ ᠰᠡᠬᠦᠪᠡ  ᠸᠠᠩ ᠯᠢ ᠰᠢᠶᠠ  ᠵᠧᠩ ᠬᠤᠩ ᠹᠠᠨ ᠢᠯᠡᠷᠬᠡᠶᠢᠯᠡᠯ ᠰᠡᠬᠦᠬᠦ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020/10/20
     10 ᠳ᠋ᠤᠭᠠᠷ ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠵᠢᠩᠬᠢᠨᠢ ᠪᠠᠷ ᠢᠯᠡᠷᠬᠡᠶᠢᠯᠡᠯ ᠡᠯᠭᠦᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠪᠣᠯᠵᠣ᠂ ᠰᠤᠷᠭᠠᠭᠤᠯᠢ ᠡᠷᠭᠢᠯᠡᠵᠦ ᠡᠮᠨᠡᠯᠭᠡ ᠡᠷᠭᠢᠯᠡᠬᠦ ᠴᠣ ᠰᠢᠨ᠎ᠡ ᠵᠠᠮ ᠢ ᠨᠡᠭᠡᠭᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠢᠯᠡᠷᠬᠡᠶᠢᠯᠡᠯ ᠰᠡᠬᠦᠬᠦ ᠶᠣᠰᠣᠯᠠᠯ ᠳᠤ ᠣᠷᠣᠯᠴᠠᠪᠠ᠃      ᠬᠥᠬᠡᠬᠤᠲᠠ ᠶᠢᠨ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ 1962 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ︽ᠶᠣᠰᠣ ᠮᠣᠷᠠᠯ ᠲᠠᠢ᠂ ᠡᠷᠳᠡᠮ ᠮᠡᠳᠡᠯᠭᠡ ᠲᠠᠢ᠂ ᠡᠮᠴᠢᠯᠡᠭᠡᠨ ᠳᠤ ᠴᠠᠭᠠᠷᠠᠭᠰᠠᠨ᠂ ᠦᠨᠡᠨᠴᠢ ᠪᠠᠷ ᠬᠡᠷᠡᠭᠵᠢᠭᠦᠯᠬᠦ︾ ᠭᠡᠬᠦ ᠰᠤᠷᠭᠠᠭᠤᠯᠢ ᠶᠢᠨ ᠰᠤᠷᠭᠠᠯ ᠪᠠ ︽ᠮᠣᠩᠭᠤᠯ ᠬᠢᠲᠠᠳ ᠡᠮᠨᠡᠯᠭᠡ ᠪᠠᠷ ᠭᠤᠤᠯ ᠪᠣᠯᠭᠠᠵᠤ᠂ ᠮᠣᠩᠭᠤᠯ ᠬᠢᠲᠠᠳ ᠧᠦ᠋ᠷᠣᠫᠠ ᠡᠮᠨᠡᠯᠭᠡ ᠶᠢ ᠬᠠᠷᠢᠯᠴᠠᠨ ᠤᠶᠠᠯᠳᠤᠭᠤᠯᠬᠤ︾ ᠡᠮᠨᠡᠯᠭᠡ ᠡᠷᠭᠢᠯᠡᠬᠦ ᠴᠢᠭᠯᠡᠯᠲᠡ ᠪᠠᠷ ᠨᠢᠭᠡ ᠴᠣᠭᠴᠠᠲᠤ ᠬᠤᠶᠠᠷ ᠲᠠᠯ᠎ᠠ ᠶᠢᠨ ᠬᠥᠭᠵᠢᠯᠲᠡ ᠶᠢᠨ ᠰᠡᠳᠬᠢᠮᠵᠢ ᠶᠢ ᠪᠠᠷᠢᠮᠲᠠᠯᠠᠵᠤ᠂ ᠬᠡᠳᠦᠨ ᠦᠶ᠎ᠡ ᠶᠢᠨ ᠡᠮᠴᠢ ᠰᠤᠪᠢᠯᠠᠭᠴᠢ ᠶᠢᠨ ᠪᠥᠯᠬᠦᠮᠳᠡᠯ ᠲᠡᠮᠡᠴᠡᠯ᠂ ᠲᠡᠰᠪᠦᠷᠢ ᠬᠠᠲᠠᠭᠤᠵᠢᠯᠲᠠᠢ ᠪᠠᠷ ᠦᠢᠯᠡᠰ ᠴᠣᠭᠴᠠᠯᠠᠯᠲᠠ ᠪᠠᠷ ᠳᠠᠮᠵᠢᠨ᠂ ᠡᠮᠨᠡᠯᠭᠡ ᠶᠢᠨ ᠬᠤᠷᠢᠶ᠎ᠠ ᠤᠳᠤ ᠨᠢᠭᠡᠨᠲᠡ ᠡᠮᠴᠢᠯᠡᠭᠡ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠤᠷᠢᠳᠴᠢᠯᠠᠨ ᠰᠡᠷᠭᠡᠶᠢᠯᠡᠬᠦ᠂ ᠡᠷᠡᠭᠦᠯᠵᠢᠯ᠂ ᠡᠷᠡᠭᠦᠯᠵᠢᠭᠦᠯᠬᠦ ᠶᠢ ᠨᠢᠭᠡ ᠴᠣᠭᠴᠠᠵᠢᠭᠤᠯᠤᠭᠰᠠᠨ ᠪᠦᠬᠦ ᠤᠯᠤᠰ ᠤᠨ ᠭᠤᠷᠪᠠᠳᠤᠭᠠᠷ ᠳᠡᠰ ᠤᠨ ᠬᠥᠬᠡ ᠵᠡᠷᠭᠡ ᠦᠨᠳᠦᠰᠦᠲᠡᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠤᠨ ᠬᠥᠭᠵᠢᠪᠡ᠃      ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠤᠯᠠᠭᠠᠨ ᠬᠡᠯᠡᠬᠦ ᠳᠤ ᠪᠠᠨ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢ ᠪᠠᠶᠢᠭᠤᠯᠤᠭᠰᠠᠨ ᠶᠠᠪᠤᠳᠠᠯ ᠨᠢ ᠰᠤᠷᠭᠠᠭᠤᠯᠢ ᠶᠢᠨ ︽ᠡᠷᠡᠭᠦᠯ ᠡᠩᠬᠡ ᠳᠤᠮᠳᠠᠳᠤ ᠤᠯᠤᠰ︾ ︽ᠡᠷᠡᠭᠦᠯ ᠡᠩᠬᠡ ᠥᠪᠥᠷ ᠮᠣᠩᠭᠤᠯ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠪᠥᠬᠦ ᠤᠯᠤᠰ ᠤᠨ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠤ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠡᠮᠴᠢᠯᠡᠭᠡᠨ ᠤ ᠵᠢᠭᠠᠨ ᠰᠤᠷᠭᠠᠯᠲᠠ ᠶᠢᠨ ᠰᠠᠭᠤᠷᠢᠨ ᠪᠣᠯᠤᠨ ᠠᠰᠫᠢᠷᠠᠨᠲ ᠬᠥᠮᠦᠵᠢᠭᠦᠯᠬᠦ ᠰᠠᠭᠤᠷᠢᠨ ᠭᠠᠵᠠᠷ ᠢ ᠥᠷᠭᠡᠳᠬᠡᠵᠦ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠂ ᠰᠤᠷᠭᠠᠭᠤᠯᠢ ᠡᠷᠬᠢᠯᠡᠬᠦ ᠪᠣᠳᠠᠲᠤ ᠬᠦᠴᠦᠨ ᠢ ᠬᠦᠴᠦᠷᠬᠡᠭᠵᠢᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠪᠠᠰᠠ ᠬᠥᠬᠡᠬᠤᠲᠠ ᠶᠢᠨ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠡᠮᠴᠢᠯᠡᠭᠡ ᠵᠢᠭᠠᠨ ᠰᠤᠷᠭᠠᠯᠲᠠ ᠰᠤᠳᠤᠯᠤᠯ ᠢ ᠵᠣᠬᠢᠴᠠᠭᠤᠯᠤᠨ ᠬᠥᠭᠵᠢᠭᠦᠯᠬᠦ᠂ ᠪᠦᠬᠦ ᠲᠠᠯ᠎ᠠ ᠪᠠᠷ ᠳᠡᠭᠲᠡᠷ ᠲᠤ ᠭᠠᠷᠭᠠᠬᠤ᠂ ᠬᠢᠷᠢ ᠲᠦᠪᠰᠢᠨ ᠢ ᠳᠡᠭᠡᠭᠰᠢᠯᠡᠭᠦᠯᠬᠦ ᠵᠠᠮ ᠢᠶᠠᠷ ᠵᠠᠮᠨᠠᠬᠤ ᠳᠤ ᠬᠥᠭᠵᠢᠯᠲᠡ ᠶᠢᠨ ᠰᠢᠨ᠎ᠡ ᠠᠵᠠ ᠲᠣᠬᠢᠶᠠᠯ ᠬᠠᠩᠭᠠᠨ᠎ᠠ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号