ᠡᠮᠦᠨ᠎ᠡ ᠭᠤᠷᠪᠠᠨ ᠤᠯᠠᠷᠢᠯ ᠳᠤ ᠮᠠᠨ ᠤ ᠣᠷᠣᠨ ᠤ ᠠᠵᠤ ᠠᠬᠤᠢ ᠲᠣᠭᠲᠠᠭᠤᠨ ᠢᠶᠠᠷ ᠬᠥᠭᠵᠢᠪᠡ
ᠨᠡᠶᠢᠲᠡᠯᠡᠭᠰᠡᠨ ᠴᠠᠭ᠄
2020/10/21
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ 10 ᠰᠠᠷ᠎ᠠ ᠶᠢᠨ 20᠎ ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ 2020 ᠣᠨ ᠤ ᠡᠮᠦᠨ᠎ᠡ ᠭᠤᠷᠪᠠᠨ ᠤᠯᠠᠷᠢᠯ ᠳᠤ᠂ ᠪᠦᠬᠦ ᠣᠷᠣᠨ ᠤ ᠠᠵᠤ ᠠᠬᠤᠢ ᠲᠣᠭᠲᠠᠭᠤᠨ ᠢᠶᠠᠷ ᠰᠡᠷᠭᠦᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠪᠠ ︽ᠵᠢᠷᠭᠤᠭ᠎ᠠ ᠶᠢ ᠪᠠᠲᠤᠯᠠᠬᠤ︾ ᠦᠷ᠎ᠡ ᠪᠦᠲᠦᠮᠵᠢ ᠢᠯᠡᠷᠬᠡᠢ ᠪᠠᠶᠢᠨ᠎ᠠ ᠭᠡᠵᠡᠢ᠃      2020 ᠣᠨ ᠤ ᠡᠮᠦᠨ᠎ᠡ ᠭᠤᠷᠪᠠᠨ ᠤᠯᠠᠷᠢᠯ ᠳᠤ᠂ ᠮᠠᠨ ᠤ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 12320.0 ᠳ᠋ᠦᠩᠰᠢᠭᠤᠷ ᠲᠦᠬᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9%᠎ ᠪᠠᠷ ᠪᠠᠭᠤᠷᠠᠵᠤ᠂ ᠡᠭᠦᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 740.3 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 0.2%᠎ ᠢᠶᠠᠷ ᠨᠡᠮᠡᠭᠳᠡᠨ᠂ ᠬᠤᠶᠠᠳᠣᠭᠠᠷ ᠠᠵᠤ ᠦᠢᠯᠡᠰ ᠤᠨ ᠨᠡᠮᠡᠭᠳᠡᠯ ᠥᠷᠲᠡᠭ 5152.6 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 0.9%᠎ ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 6427.2 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 3.0%᠎ ᠢᠶᠠᠷ ᠪᠠᠭᠤᠷᠠᠵᠠᠢ᠃                                    
 
ᠢᠷᠡᠯᠲᠡ᠄ ᠥᠪᠥᠷ ᠮᠣᠩᠭᠤᠯ ᠤᠨ ᠮᠣᠩᠭᠤᠯ ᠣᠳᠣᠨ ᠲᠧᠯᠸᠢᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号