ᠦᠨᠳᠤᠰᠤᠳᠡᠨ ᠤ ᠪᠦᠵᠢᠭᠳᠦ ᠵᠦᠴᠦᠭᠡ ︽ᠮᠤᠷᠢᠳᠤ ᠴᠡᠷᠢᠭ︾᠎ ᠤᠨ ᠶᠠᠷᠢᠯᠴᠠᠬᠤ ᠬᠤᠷᠠᠯ ᠬᠦᠭᠡᠬᠤᠳᠠ ᠳᠤ ᠶᠠᠪᠤᠭᠳᠠᠪᠠ  ᠪᠠᠢ ᠢᠦᠢ ᠭᠠᠩ  ᠵᠧᠩ ᠬᠤᠩ ᠹᠠᠨ ᠶᠠᠷᠢᠶ᠎ᠡ ᠲᠠᠯᠪᠢᠵᠠᠢ
ᠨᠡᠶᠢᠲᠡᠯᠡᠭᠰᠡᠨ ᠴᠠᠭ᠄
2020/10/22
     10 ᠰᠠᠷ᠎ᠡ ᠶᠢᠨ 20᠎ ᠤ ᠡᠳᠦᠷ᠂ ᠦᠨᠳᠤᠰᠤᠳᠡᠨ ᠤ ᠪᠦᠵᠢᠭᠳᠦ ᠵᠦᠴᠦᠭᠡ ︽ᠮᠤᠷᠢᠳᠤ ᠴᠡᠷᠢᠭ︾᠎ ᠤᠨ ᠶᠠᠷᠢᠯᠴᠠᠬᠤ ᠬᠤᠷᠠᠯ ᠬᠦᠭᠡᠬᠤᠳᠠ ᠶᠢᠨ ᠦᠪᠤᠷ ᠮᠤᠩᠭᠤᠯ ᠤᠨ ᠦᠨᠳᠤᠰᠤᠳᠡᠨ ᠤ ᠤᠷᠠᠯᠢᠭ ᠵᠦᠴᠦᠭᠡ ᠶᠢᠨ ᠬᠦᠷᠢᠶᠠᠯᠠᠩ ᠳᠤ ᠶᠠᠪᠤᠭᠳᠠᠪᠠ᠃      ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠤᠬᠠᠭᠤᠯᠬᠤ ᠭᠡᠯᠳᠡᠰ ᠤᠨ ᠲᠠᠷᠤᠭ᠎ᠠ ᠪᠠᠢ ᠢᠦᠢ ᠭᠠᠩ᠂ ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠬᠦᠯᠡᠭᠴᠢ ᠵᠧᠩ ᠬᠤᠩ ᠹᠠᠨ ᠶᠠᠷᠢᠯᠴᠠᠬᠤ ᠬᠤᠷᠠᠯ ᠳᠤ ᠤᠷᠤᠯᠴᠠᠵᠤ ᠶᠠᠷᠢᠶ᠎ᠡ ᠲᠠᠯᠪᠢᠪᠠ᠃      ᠪᠠᠢ ᠢᠦᠢ ᠭᠠᠩ᠂ ᠪᠦᠵᠢᠭᠳᠦ ᠵᠦᠴᠦᠭᠡ ︽ᠮᠤᠷᠢᠳᠤ ᠴᠡᠷᠢᠭ︾᠎ ᠤᠨ ᠭᠤᠤᠯ ᠰᠡᠳᠦᠪ ᠢᠯᠡ ᠲᠤᠳᠤ᠂ ᠪᠦᠳᠦᠴᠠ ᠠᠪᠰᠠᠷᠬᠠᠨ᠂ ᠬᠦᠮᠦᠰ ᠤᠨ ᠰᠡᠳᠬᠢᠯ ᠢ ᠬᠦᠳᠡᠯᠭᠡᠮ᠎ᠡ᠂ ᠦᠪᠡᠷᠮᠢᠴᠠ ᠤᠨᠴᠠᠯᠢᠭ ᠲᠠᠢ ᠪᠠᠶᠢᠵᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠲᠤᠤᠷ᠎ᠡ ᠮᠤᠩᠭᠤᠯ ᠦᠨᠳᠤᠰᠤᠳᠡᠨ ᠤ ᠵᠠᠯᠠᠭᠤᠴᠤᠳ ᠢᠷᠠᠭᠤ ᠠᠯᠳᠠᠷ ᠲᠠᠢ ᠮᠤᠷᠢᠳᠤ ᠴᠡᠷᠢᠭ ᠤᠨ ᠪᠠᠶᠢᠯᠳᠤᠬᠴᠢ ᠪᠤᠯᠵᠤ ᠦᠰᠤᠨ ᠪᠤᠶᠢᠵᠢᠬᠰᠡᠨ ᠦᠡᠭᠭᠡᠷᠡᠯᠳᠠ ᠶᠢ ᠲᠤᠰᠬᠠᠨ᠂ ᠰᠠᠶᠢᠨ ᠰᠠᠶᠢᠬᠠᠨ ᠢᠨᠠᠭ ᠲᠤᠷᠠᠯᠠᠯ ᠪᠠ ᠤᠯᠤᠰ ᠭᠡᠷ ᠤᠨ ᠬᠠᠶᠢᠷ᠎ᠡ ᠰᠡᠳᠬᠢᠯᠭᠡ ᠶᠢ ᠨᠢ ᠵᠢᠷᠤᠬᠯᠠᠵᠤ᠂ ᠤᠷᠠᠯᠢᠭ ᠤᠨ ᠲᠠᠶᠢᠰᠠᠨ ᠳᠤ ᠮᠤᠩᠭᠤᠯ ᠮᠤᠷᠢᠨ ᠤ ᠦᠨᠡᠨᠴᠢ ᠰᠢᠳᠤᠷᠭᠤ᠂ ᠡᠷᠡᠯᠭᠡᠭ ᠪᠠᠭᠠᠳᠤᠷᠯᠢᠭ᠂ ᠡᠷᠡᠰ ᠪᠠᠳᠤ ᠮᠦᠷᠳᠡᠭᠡᠨ ᠤᠶᠠᠨ ᠵᠦᠭᠡᠯᠡᠨ ᠢ ᠢᠯᠡᠷᠡᠬᠦᠯᠤᠨ᠂ ︽ᠬᠦᠴᠢᠷ ᠠᠴᠠ ᠠᠶᠤᠬᠤ ᠦᠭᠡᠢ᠂ ᠴᠤᠴᠠᠯᠳᠠ ᠦᠭᠡᠢ ᠤᠷᠤᠬᠰᠢᠯᠠᠵᠤ᠂ ᠵᠤᠷᠢᠬᠰᠡᠨ ᠳᠠᠭᠠᠨ ᠵᠠᠪᠡᠯ ᠬᠦᠷᠬᠦ︾ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠠᠮᠢᠳᠤᠯᠢᠭ ᠲᠠᠶᠢᠯᠪᠤᠷᠢᠯᠡᠵᠤ᠂ ᠦᠨᠳᠤᠰᠤᠳᠡᠨ ᠨᠦᠭᠦᠳ ᠤᠨ ᠺᠠᠳ᠋ᠷ ᠤᠯᠠᠨ ᠲᠦᠮᠡᠨ ᠤ ᠨᠠᠮ ᠢᠶᠠᠨ ᠬᠠᠶᠢᠷᠠᠯᠠᠨ ᠤᠯᠤᠰ ᠢᠶᠠᠨ ᠬᠠᠶᠢᠷᠠᠯᠠᠵᠤ᠂ ᠦᠨᠡᠨᠴᠢ ᠰᠢᠳᠤᠷᠭᠤ ᠡᠷᠡᠯᠭᠡᠭ ᠪᠠᠭᠠᠳᠤᠷᠯᠢᠭ ᠢᠶᠠᠷ ᠬᠤᠪᠢ ᠨᠠᠮᠡᠷᠢ ᠦᠵᠡᠬᠦᠯᠬᠦ ᠮᠤᠷᠢᠳᠤ ᠴᠡᠷᠢᠭ ᠤᠨ ᠵᠤᠷᠢᠭ ᠰᠠᠨᠠᠭ᠎ᠠ ᠶᠢ ᠨᠡᠩ ᠰᠠᠶᠢᠨ ᠪᠠᠳᠠᠷᠠᠭᠤᠯᠬᠤ ᠶᠢ ᠤᠷᠮᠠᠰᠢᠭᠤᠯᠤᠨ ᠵᠤᠷᠢᠬᠵᠢᠭᠤᠯᠪᠠ᠃ ᠦᠪᠡᠷᠳᠡᠭᠡᠨ ᠵᠠᠰᠠᠬᠤ ᠤᠷᠤᠨ ᠠᠴᠠ ᠪᠦᠵᠢᠭᠳᠦ ᠵᠦᠴᠦᠭᠡ ︽ᠮᠤᠷᠢᠳᠤ ᠴᠡᠷᠢᠭ︾᠎ ᠤᠨ ᠨᠡᠩ ᠶᠡᠭᠡ ᠲᠠᠪᠴᠠᠩ ᠳᠤ ᠭᠠᠷᠬᠤ ᠶᠢ ᠤᠯᠠᠨ ᠲᠠᠯ᠎ᠡ ᠠᠴᠠ ᠦᠷᠬᠦᠯᠵᠢᠯᠡᠨ ᠲᠠᠮᠵᠢᠵᠤ᠂ ᠪᠦᠬᠦ ᠤᠯᠤᠰ ᠤᠨ ᠲᠠᠪᠴᠠᠩ ᠳᠤ ᠪᠦᠵᠢᠭᠳᠦ ᠵᠦᠴᠦᠭᠡ ︽ᠮᠤᠷᠢᠳᠤ ᠴᠡᠷᠢᠭ︾᠎ ᠤᠨ ᠦᠷᠨᠢᠯᠳᠠ ᠶᠢ ᠪᠤᠢ ᠪᠤᠯᠭᠠᠵᠤ᠂ ᠪᠠᠶᠢᠡᠭᠭᠤ ᠲᠤᠬᠯᠠᠭᠤᠯᠬᠤ ᠪᠤᠯᠭᠠᠨ᠎ᠡ ᠭᠡᠵᠤ ᠵᠢᠭᠠᠵᠤ ᠭᠠᠷᠭᠠᠪᠠ᠃ ᠪᠠᠢ ᠢᠦᠢ ᠭᠠᠩ᠂ ᠢᠷᠡᠬᠦ ᠵᠢᠯ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠡᠨ 100 ᠵᠢᠯ ᠤᠨ ᠤᠢ ᠪᠤᠯᠤᠨ᠎ᠡ᠂ ᠪᠦᠬᠦ ᠤᠷᠤᠨ ᠤ ᠤᠳᠬ᠎ᠠ ᠤᠷᠠᠯᠢᠭ ᠤᠨ ᠹᠷᠤᠨᠲ ᠤᠨ ᠬᠢᠨ ᠴᠢᠬᠤᠯᠠ ᠶᠡᠭᠡ ᠭᠤᠤᠯ ᠰᠡᠳᠦᠪ ᠤᠨ ᠲᠤᠭᠤᠷᠢᠨ ᠳᠤ ᠦᠷᠬᠦᠯᠵᠢᠯᠡᠨ ᠨᠡᠩ ᠤᠯᠠᠨ ᠰᠤᠳᠤᠨ ᠪᠦᠳᠦᠭᠡᠯ ᠭᠠᠷᠭᠠᠬᠤ ᠭᠡᠷᠡᠭᠳᠠᠢ ᠭᠡᠵᠤ ᠴᠢᠬᠤᠯᠠᠴᠢᠯᠠᠪᠠ᠃      ᠵᠧᠩ ᠬᠤᠩ ᠹᠠᠨ᠂ ᠪᠦᠵᠢᠭᠳᠦ ᠵᠦᠴᠦᠭᠡ ︽ᠮᠤᠷᠢᠳᠤ ᠴᠡᠷᠢᠭ︾ ᠪᠤᠯ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ᠂ ᠰᠤᠨᠢᠷᠬᠠᠯᠳᠤ ᠴᠢᠨᠠᠷ ᠪᠦᠷᠢᠳᠦᠭᠰᠡᠨ ᠤᠷᠠᠯᠢᠭ ᠤᠨ ᠰᠤᠳᠤᠨ ᠪᠦᠳᠦᠭᠡᠯ ᠮᠦᠨ᠂ ᠲᠡᠷᠨ ᠨᠢ ᠬᠢᠵᠠᠭᠠᠷᠳᠠᠢ ᠴᠠᠭ ᠤᠷᠤᠨ ᠵᠠᠢ ᠳᠤ ᠢᠯᠡᠷᠡᠬᠦᠯᠦᠭᠰᠡᠨ ᠠᠭᠤᠯᠭ᠎ᠠ ᠨᠢ ᠲᠦᠢᠯ ᠤᠨ ᠪᠦᠷᠢᠨ ᠪᠦᠳᠤᠨ᠂ ᠲᠠᠰ ᠲᠠᠪᠬᠤᠷᠭ᠎ᠠ ᠪᠠᠶᠠᠯᠢᠭ ᠪᠠᠶᠢᠵᠤ᠂ ᠠᠳᠠᠯᠢ ᠪᠤᠰᠤ ᠨᠠᠰᠤ ᠵᠢᠯ᠂ ᠠᠳᠠᠯᠢ ᠪᠤᠰᠤ ᠠᠵᠢᠯ ᠮᠡᠷᠭᠡᠵᠢᠯ ᠤᠨ ᠦᠵᠡᠭᠴᠢᠳ ᠴᠦᠮ ᠵᠦᠴᠦᠭᠡ ᠶᠢᠨ ᠲᠤᠮᠳᠠ ᠠᠴᠠ ᠬᠠᠮ ᠰᠠᠷᠠᠯ ᠤᠯᠵᠤ ᠲᠠᠶᠢᠯᠤᠨ᠎ᠡ᠃ ᠰᠠᠨᠠᠯ ᠰᠠᠨᠠᠭᠤᠯᠭ᠎ᠠ ᠶᠢ ᠬᠦᠢᠴᠡᠳ ᠰᠢᠩᠭᠡᠭᠡᠵᠤ᠂ ᠠᠷᠠᠳ ᠲᠦᠮᠡᠨ ᠳᠤ ᠦᠢᠯᠡᠴᠢᠯᠡᠬᠦ ᠵᠤᠬᠢᠶᠠᠨ ᠪᠦᠳᠦᠭᠡᠬᠦ ᠤᠳᠤᠷᠢᠳᠤᠮᠵᠢ ᠶᠢ ᠪᠠᠷᠢᠮᠳᠠᠯᠠᠨ᠂ ᠡᠨᠡ ᠬᠦ ᠪᠦᠳᠤᠭᠡᠯ ᠢ ᠰᠤᠳᠤᠨ ᠪᠦᠳᠦᠭᠡᠯ ᠪᠤᠯᠭᠠᠵᠤ᠂ ᠦᠨᠢ ᠤᠳᠠᠭᠠᠨ ᠪᠠᠭᠤᠷᠠᠰᠢ ᠦᠭᠡᠢ ᠪᠤᠯᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠶᠠᠷᠢᠯᠴᠠᠬᠤ ᠬᠤᠷᠠᠯ ᠲᠡᠭᠡᠷ᠎ᠡ ᠬᠤᠷᠠᠯ ᠳᠤ ᠤᠷᠤᠯᠴᠠᠬᠰᠡᠨ ᠤᠳᠤᠷᠢᠳᠤᠯᠭ᠎ᠠ᠂ ᠤᠨᠴᠠ ᠤᠷᠢᠬᠰᠡᠨ ᠲᠤᠰᠬᠠᠢ ᠮᠡᠷᠭᠡᠵᠢᠯᠳᠠᠨ᠂ ᠭᠤᠤᠯ ᠵᠤᠬᠢᠶᠠᠨ ᠪᠦᠳᠦᠭᠡᠬᠦ ᠪᠦᠯᠬᠦᠮ ᠤᠨ ᠬᠢᠨ ᠪᠦᠵᠢᠭᠳᠦ ᠵᠦᠴᠦᠭᠡ ︽ᠮᠤᠷᠢᠳᠤ ᠴᠡᠷᠢᠭ︾᠎ ᠤᠨ ᠤᠬᠠᠭᠤᠯᠭ᠎ᠠ ᠶᠢᠨ ᠹᠢᠯᠢᠮ ᠢ ᠬᠠᠮᠳᠤ ᠪᠠᠷ ᠰᠤᠨᠢᠷᠬᠠᠨ᠂ ᠵᠦᠴᠦᠭᠡ ᠶᠢᠨ ᠬᠦᠷᠢᠶᠠᠯᠠᠩ ᠤᠨ ᠲᠦᠯᠦᠭᠡᠯᠡᠭᠴᠢᠳ ᠭᠤᠤᠯ ᠵᠤᠬᠢᠶᠠᠨ ᠪᠦᠳᠤᠭᠡᠭᠴᠢᠳ ᠲᠤ ᠰᠤᠷᠭᠤᠭ ᠴᠡᠴᠡᠭ ᠬᠦᠷᠭᠡᠵᠤ᠂ ᠲᠤᠬᠠᠢ ᠶᠢᠨ ᠲᠠᠯᠠᠪᠠᠢ ᠳᠤ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠤᠳᠠᠲᠠᠯ᠎ᠠ ᠦᠷᠬᠦᠯᠵᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号