ᠤᠯᠤᠰ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠠᠵᠢᠯ ᠳᠦᠷᠦᠯ ᠤᠨ ᠶᠡᠷᠦᠩᠬᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠶᠢᠰᠦᠳᠦᠬᠡᠷ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠠᠭᠤᠯᠵᠠᠯᠳᠠ ᠶᠢᠨ ᠬᠤᠷᠠᠯ ᠬᠤᠷᠠᠯᠳᠤᠭᠤᠯᠪᠠ  ᠸᠠᠩ ᠫᠸᠢ ᠠᠨ  ᠡᠸᠦ ᠶᠠᠩ ᠰᠢᠶᠤᠤ ᠬᠤᠢ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2020/10/23
     10 ᠰᠠᠷ᠎ᠠ ᠶᠢᠨ 21᠎ ᠤ ᠦᠳᠡ ᠶᠢᠨ ᠡᠮᠤᠨ᠎ᠠ᠂ ᠤᠯᠤᠰ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠠᠵᠢᠯ ᠳᠦᠷᠦᠯ ᠤᠨ ᠶᠡᠷᠦᠩᠬᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠶᠢᠰᠦᠳᠦᠬᠡᠷ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠬᠦᠬᠡᠬᠤᠳᠠ ᠳᠤ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠠᠭᠤᠯᠵᠠᠯᠳᠠ ᠶᠢᠨ ᠬᠤᠷᠠᠯ ᠬᠤᠷᠠᠯᠳᠤᠭᠤᠯᠵᠦ᠂ ᠤᠯᠤᠰ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠠᠵᠢᠯ ᠳᠦᠷᠦᠯ ᠤᠨ ᠶᠡᠷᠦᠩᠬᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠱᠠᠯᠠᠪᠳᠠᠭᠤᠯᠤᠨ ᠪᠠᠶᠢᠴᠠᠭᠠᠬᠤ ᠵᠤᠷᠢᠬ ᠰᠠᠨᠠᠭ᠎ᠠ ᠪᠤᠯᠤᠨ ᠱᠠᠭᠠᠷᠳᠠᠯᠭ᠎ᠠ ᠶᠢ ᠤᠯᠠᠮᠵᠢᠯᠠᠵᠦ᠂ ᠮᠠᠨ ᠤ ᠤᠷᠤᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠱᠠᠯᠠᠪᠳᠠᠭᠤᠯᠤᠨ ᠪᠠᠶᠢᠴᠠᠭᠠᠬᠤ ᠬᠠᠮᠢᠶ᠎ᠠ ᠪᠦᠬᠦᠢ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃      ᠤᠯᠤᠰ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠠᠵᠢᠯ ᠳᠦᠷᠦᠯ ᠤᠨ ᠶᠡᠷᠦᠩᠬᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠶᠢᠰᠦᠳᠦᠬᠡᠷ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠳᠠᠷᠤᠭ᠎ᠠ᠂ ᠪᠦᠬᠦ ᠤᠯᠤᠰ ᠤᠨ ᠤᠯᠤᠰ ᠳᠦᠷᠦ ᠶᠢᠨ ᠵᠦᠪᠯᠡᠯᠬᠡᠨ ᠤ ᠬᠦᠮᠦᠨ ᠠᠮᠠ ᠡᠬᠢ ᠪᠠᠶᠠᠯᠢᠬ ᠤᠷᠴᠢᠨ ᠳᠤᠭᠤᠷᠢᠨ ᠤ ᠵᠦᠪᠯᠡᠯ ᠤᠨ ᠳᠡᠳ᠋ ᠡᠷᠬᠢᠯᠡᠭᠴᠢ ᠸᠠᠩ ᠫᠸᠢ ᠠᠨ ᠳᠤᠰ ᠤᠳᠠᠭᠠᠨ ᠤ ᠱᠠᠯᠠᠪᠳᠠᠭᠤᠯᠤᠨ ᠪᠠᠶᠢᠴᠠᠭᠠᠬᠤ ᠵᠤᠷᠢᠯᠭ᠎ᠠ᠂ ᠠᠵᠢᠯ ᠤᠨ ᠳᠤᠬᠢᠷᠠᠭᠤᠯᠤᠯᠳᠠ ᠪᠤᠯᠤᠨ ᠠᠵᠢᠯ ᠤᠨ ᠱᠠᠭᠠᠷᠳᠠᠯᠭ᠎ᠠ ᠶᠢ ᠳᠠᠨᠢᠯᠴᠠᠭᠤᠯᠵᠦ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠡᠸᠦ ᠶᠠᠩ ᠰᠢᠶᠤᠤ ᠬᠤᠢ ᠮᠠᠨ ᠤ ᠤᠷᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠠᠵᠢᠯ ᠳᠦᠷᠦᠯ ᠎ ᠤᠨ ᠶᠡᠷᠦᠩᠬᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠤᠨ ᠳᠠᠯ᠎ᠠ ᠪᠠᠷ ᠬᠠᠷᠢᠭᠤ ᠮᠡᠳᠡᠬᠦᠯᠦᠯᠳᠡ ᠬᠢᠵᠦ᠂ ᠦᠪᠡᠷᠳᠡᠬᠡᠨ ᠵᠠᠰᠠᠬᠤ ᠤᠷᠤᠨ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠠᠵᠢᠯ ᠳᠦᠷᠦᠯ ᠤᠨ ᠶᠡᠷᠦᠩᠬᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠳᠢᠩᠬᠢᠮ ᠵᠠᠭᠤᠷ᠎ᠠ ᠶᠢᠨ ᠬᠠᠮᠳᠤᠷᠠᠬᠰᠠᠨ ᠬᠤᠷᠠᠯ ᠤᠨ ᠪᠦᠷᠢᠯᠳᠦᠬᠦᠨ ᠨᠢᠬᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠠᠷ ᠠᠭᠤᠯᠵᠠᠯᠳᠠ ᠶᠢᠨ ᠬᠤᠷᠠᠯ ᠳᠤ ᠤᠷᠤᠯᠴᠠᠪᠠ᠃      ᠸᠠᠩ ᠫᠸᠢ ᠠᠨ᠂ ᠳᠤᠰ ᠤᠳᠠᠭᠠᠨ ᠤ ᠱᠠᠯᠠᠪᠳᠠᠭᠤᠯᠤᠨ ᠪᠠᠶᠢᠴᠠᠭᠠᠯᠳᠠ ᠪᠤᠯ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ᠂ ᠳᠦᠷᠪᠡᠳᠦᠬᠡᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤᠬᠠᠢ ᠴᠢᠬᠤᠯᠠ ᠶᠠᠷᠢᠶ᠎ᠠ ᠪᠤᠯᠤᠨ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠤᠨ ᠡᠮ ᠡᠮᠨᠡᠯᠬᠡ ᠡᠷᠡᠬᠦᠯ ᠬᠠᠮᠠᠭᠠᠯᠠᠯ ᠤᠨ ᠠᠵᠢᠯ ᠳᠦᠷᠦᠯ ᠤᠨ ᠶᠡᠷᠦᠩᠬᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠳᠦᠷᠢᠮ ᠢ ᠦᠬᠡᠷᠡᠴᠢᠯᠡᠨ ᠳᠡᠬᠦᠯᠳᠡᠷᠵᠢᠬᠦᠯᠬᠦ ᠳᠤᠬᠠᠢ ᠵᠢᠯᠤᠭᠤᠳᠬᠤ ᠰᠠᠨᠠᠯ︾᠎ ᠤᠨ ᠪᠤᠳᠠᠳᠠᠢ ᠱᠠᠭᠠᠷᠳᠠᠯᠭ᠎ᠠ ᠶᠢ ᠨᠡᠶᠢᠳᠡᠪᠤᠷᠢᠵᠢᠭᠤᠯᠤᠨ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠠᠵᠢᠯ ᠳᠦᠷᠦᠯ ᠤᠨ ᠶᠡᠷᠦᠩᠬᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠳᠦᠷᠢᠮ ᠢ ᠠᠬᠢᠭᠤᠯᠤᠨ ᠪᠠᠶᠢᠭᠤᠯᠵᠤ᠂ ᠠᠷᠠᠳ ᠳᠦᠮᠡᠨ ᠤ ᠡᠷᠡᠬᠦᠯ ᠮᠡᠨᠳᠦ ᠶᠢ ᠦᠨᠡᠨ ᠬᠦ ᠬᠠᠮᠠᠭᠠᠯᠠᠬᠤ ᠴᠢᠬᠤᠯᠠ ᠠᠷᠭ᠎ᠠ ᠭᠡᠮᠵᠢᠶ᠎ᠠ ᠮᠦᠨ᠂ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠪᠤᠯᠤᠨ ᠤᠷᠤᠨ ᠨᠤᠳᠤᠬ ᠤᠨ ᠵᠠᠰᠠᠬ ᠤᠨ ᠤᠷᠳᠤᠨ ᠤ ᠬᠠᠮᠳᠤ ᠪᠠᠷ ᠡᠬᠦᠷᠬᠡᠯᠡᠬᠦ ᠤᠯᠤᠰ ᠳᠦᠷᠦ ᠶᠢᠨ ᠬᠠᠷᠢᠭᠤᠴᠠᠯᠭ᠎ᠠ ᠪᠤᠯᠤᠨ ᠤᠯᠤᠰ ᠳᠦᠷᠦ ᠶᠢᠨ ᠡᠬᠦᠷᠬᠡ ᠮᠦᠨ ᠬᠡᠵᠦ ᠵᠢᠭᠠᠵᠦ ᠭᠠᠷᠭᠠᠪᠠ᠃ ᠲᠡᠷᠡ᠂ ᠦᠪᠡᠷᠳᠡᠬᠡᠨ ᠵᠠᠰᠠᠬᠤ ᠤᠷᠤᠨ ᠤ ᠡᠯ᠎ᠠ ᠱᠠᠳᠤᠨ ᠤ ᠵᠠᠰᠠᠬ ᠤᠨ ᠤᠷᠳᠤᠨ ᠪᠤᠯᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠎ ᠤᠨ ᠬᠢᠨ ᠤᠯᠤᠰ ᠳᠦᠷᠦ ᠶᠢᠨ ᠵᠤᠬᠰᠤᠴᠠ ᠪᠠᠨ ᠳᠡᠬᠡᠭᠰᠢᠯᠡᠬᠦᠯᠵᠦ᠂ ᠱᠠᠯᠠᠪᠳᠠᠭᠤᠯᠤᠨ ᠪᠠᠶᠢᠴᠠᠭᠠᠬᠤ ᠶᠢ ᠬᠦᠯᠢᠶᠡᠨ ᠠᠪᠬᠤ ᠰᠠᠨᠠᠭᠠᠴᠢᠯᠠᠭᠠᠳᠤ ᠴᠢᠨᠠᠷ ᠪᠤᠯᠤᠨ ᠤᠬᠠᠮᠰᠠᠷᠳᠤ ᠴᠢᠨᠠᠷ ᠢᠶᠠᠨ ᠴᠢᠩᠭᠠᠳᠬᠠᠵᠦ᠂ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠠᠵᠢᠯ ᠢ ᠥᠷᠨᠢᠭᠦᠯᠬᠦ ᠳᠤ ᠢᠳᠡᠪᠬᠢᠳᠠᠢ ᠬᠠᠮᠵᠢᠯᠴᠠᠬᠤ ᠶᠢ ᠬᠦᠰᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号