ᠦᠪᠡᠷᠲᠡᠭᠡᠨ ᠵᠠᠰᠠᠬᠤ ᠤᠷᠤᠨ ᠤ 2020 ᠣᠨ ᠤ ᠨᠡᠶᠢᠰᠯᠡᠯ ᠤᠨ ᠴᠢᠳᠠᠪᠤᠷᠢᠳᠠᠨ ᠤ ᠭᠠᠷᠠᠭ ᠤᠨ ᠰᠢᠷᠢᠰ ᠠᠵᠢᠯᠯᠠᠭ᠎ᠠ ᠪᠡᠭᠡᠵᠢᠩ ᠳᠤ ᠡᠬᠢᠯᠡᠪᠠ  ᠶᠠᠩ ᠸᠧᠢ ᠳ᠋ᠦᠩ ᠤᠷᠤᠯᠴᠠᠵᠦ ᠡᠸᠦ ᠶᠠᠩ ᠰᠢᠶᠤᠤ ᠬᠤᠢ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2020/10/27
     ︽ᠨᠢᠭᠡ ᠲᠦᠪ ᠤᠯᠠᠨ ᠴᠡᠭ︾᠎ ᠤᠨ ᠴᠢᠳᠠᠪᠤᠷᠢᠳᠠᠨ ᠤ ᠠᠵᠢᠯ ᠤᠨ ᠰᠢᠨ᠎ᠠ ᠪᠠᠶᠢᠷᠢᠰᠢᠯ ᠤᠨ ᠴᠤᠬᠴᠠᠯᠠᠯᠳᠠ ᠶᠢ ᠲᠦᠷᠭᠡᠳᠭᠡᠨ ᠠᠬᠢᠭᠤᠯᠬᠤ ᠶᠢᠨ ᠲᠦᠯᠦᠭᠡ᠂ 10 ᠰᠠᠷ᠎ᠠ ᠶᠢᠨ 25᠎ ᠤ ᠡᠳᠦᠷ᠂ ᠦᠪᠡᠷᠲᠡᠭᠡᠨ ᠵᠠᠰᠠᠬᠤ ᠤᠷᠤᠨ 2020 ᠣᠨ ᠤ ᠨᠡᠶᠢᠰᠯᠡᠯ ᠤᠨ ᠴᠢᠳᠠᠪᠤᠷᠢᠳᠠᠨ ᠤ ᠭᠠᠷᠠᠭ ᠤᠨ ᠰᠢᠷᠢᠰ ᠠᠵᠢᠯᠯᠠᠭ᠎ᠠ ᠶᠢ ᠪᠡᠭᠡᠵᠢᠩ ᠳᠤ ᠡᠬᠢᠯᠡᠬᠦᠯᠪᠡ᠃      ᠰᠢᠷᠭᠠᠭᠤ ᠴᠢᠷᠮᠠᠶᠢᠯᠭ᠎ᠠ ᠪᠠᠷ ᠰᠢᠯᠢᠳᠡᠭ ᠦᠷ᠎ᠠ ᠪᠦᠳᠦᠭᠡᠯ ᠤᠯᠤᠨ᠎ᠠ᠃ ᠰᠢᠷᠢᠰ ᠠᠵᠢᠯᠯᠠᠭ᠎ᠠ ᠳᠤᠮᠳᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠬᠢᠮ ᠠᠴᠠ ᠭᠤᠤᠯᠯᠠᠨ ᠡᠷᠬᠢᠯᠡᠭᠰᠡᠨ ︽ᠴᠢᠳᠠᠪᠤᠷᠢᠳᠠᠨ ᠢ ᠦᠷᠭᠡᠨ ᠢᠶᠠᠷ ᠡᠯᠰᠡᠵᠦ ᠤᠶᠤᠨ ᠤᠬᠠᠭᠠᠨ ᠢ ᠲᠠᠯ᠎ᠠ ᠨᠤᠳᠤᠭ ᠲᠤ ᠲᠦᠪᠯᠡᠷᠡᠬᠦᠯᠬᠦ︾ ᠥᠪᠦᠷ ᠮᠤᠩᠭᠤᠯ ᠤᠨ ᠬᠦᠭᠵᠢᠯᠳᠠ ᠶᠢᠨ ᠲᠠᠨᠢᠯᠴᠠᠭᠤᠯᠬᠤ ᠬᠤᠷᠠᠯ ᠵᠢᠴᠢ ᠲᠤᠰᠬᠠᠢ ᠲᠠᠯᠠᠪᠤᠷ ᠤᠨ ᠠᠵᠢᠯᠳᠠᠨ ᠡᠯᠰᠡᠬᠦ ᠬᠤᠷᠠᠯ ᠤᠷᠢᠳ ᠬᠤᠵᠢᠳ ᠴᠢᠩᠬᠤᠸᠠ ᠶᠡᠭᠡ ᠰᠤᠷᠭᠠᠭᠤᠯᠢ ᠪᠠ ᠪᠡᠭᠡᠵᠢᠩ ᠶᠡᠭᠡ ᠰᠤᠷᠭᠠᠭᠤᠯᠢ ᠳᠤ ᠶᠠᠪᠤᠭᠳᠠᠵᠠᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠳᠠᠷᠤᠭ᠎ᠠ ᠶᠠᠩ ᠸᠧᠢ ᠳ᠋ᠦᠩ ᠲᠠᠨᠢᠯᠴᠠᠭᠤᠯᠬᠤ ᠬᠤᠷᠠᠯ ᠳᠤ ᠤᠷᠤᠯᠴᠠᠬᠤ ᠶᠢᠨ ᠬᠠᠮᠳᠦ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠡᠸᠦ ᠶᠠᠩ ᠰᠢᠶᠤᠤ ᠬᠤᠢ ᠲᠠᠨᠢᠯᠴᠠᠭᠤᠯᠬᠤ ᠬᠤᠷᠠᠯ ᠢ ᠡᠷᠬᠢᠯᠡᠵᠡᠢ᠃      ᠶᠠᠩ ᠸᠧᠢ ᠳ᠋ᠦᠩ ᠲᠠᠨᠢᠯᠴᠠᠭᠤᠯᠬᠤ ᠬᠤᠷᠠᠯ ᠳᠡᠭᠡᠷᠡᠬᠢ ᠶᠠᠷᠢᠶᠠᠨ ᠳᠠᠭᠠᠨ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠪᠤᠯᠤᠨ ᠥᠪᠦᠷ ᠮᠤᠩᠭᠤᠯ ᠤᠨ ᠬᠦᠨ ᠵᠤᠵᠠᠭᠠᠨ ᠶᠠᠪᠤᠯᠴᠠᠭ᠎ᠠ ᠬᠠᠷᠢᠯᠴᠠᠭ᠎ᠠ ᠶᠢ ᠡᠷᠬᠢᠴᠡᠬᠦᠯᠵᠦ᠂ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠶᠢᠨ ᠥᠪᠦᠷ ᠮᠤᠩᠭᠤᠯ ᠤᠨ ᠬᠦᠭᠵᠢᠯᠳᠠ ᠳᠤ ᠬᠦᠴᠦᠲᠦ ᠳᠡᠮᠵᠢᠯᠭᠡ ᠦᠵᠡᠬᠦᠯᠦᠭᠰᠡᠨ ᠳᠤ ᠲᠠᠯᠠᠷᠬᠠᠪᠠ᠃ ᠲᠡᠷᠡ᠂ ᠰᠢᠨ᠎ᠠ ᠴᠠᠭ ᠦᠶ᠎ᠠ ᠳᠤ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠪᠤᠯᠤᠨ ᠥᠪᠦᠷ ᠮᠤᠩᠭᠤᠯ ᠤᠨ ᠰᠤᠯᠢᠯᠴᠠᠭ᠎ᠠ ᠬᠠᠮᠳᠤᠷᠠᠯᠴᠠᠭ᠎ᠠ ᠨᠡᠩ ᠨᠢᠬᠳᠠ᠂ ᠨᠡᠩ ᠦᠷᠭᠡᠨ ᠳᠡᠯᠭᠡᠷ ᠪᠤᠯᠵᠠᠢ᠃ ᠨᠦᠬᠦᠳ ᠨᠠᠷ ᠥᠪᠦᠷ ᠮᠤᠩᠭᠤᠯ ᠢ ᠰᠤᠩᠭᠤᠵᠦ᠂ ᠥᠪᠦᠷ ᠮᠤᠩᠭᠤᠯ ᠳᠤ ᠢᠷᠡᠵᠦ᠂ ᠥᠪᠦᠷ ᠮᠤᠩᠭᠤᠯ ᠳᠤ ᠦᠨᠳᠦᠰᠦᠯᠡᠨ᠂ ᠰᠦᠷᠯᠢᠭ ᠰᠠᠶᠢᠬᠠᠨ ᠲᠠᠯ᠎ᠠ ᠨᠤᠳᠤᠭ ᠳᠡᠭᠡᠷ᠎ᠠ ᠵᠠᠯᠠᠭᠤ ᠨᠠᠰᠤᠨ ᠤ ᠴᠤᠬ ᠵᠤᠯᠢ ᠪᠠᠨ ᠪᠠᠳᠠᠷᠠᠭᠤᠯᠵᠦ᠂ ᠠᠮᠢᠳᠤᠷᠠᠬᠤᠢ ᠶᠢᠨ ᠬᠦᠰᠡᠯᠡᠩ ᠢᠶᠠᠨ ᠪᠡᠶᠡᠯᠡᠬᠦᠯᠬᠦ ᠶᠢ ᠬᠦᠰᠡᠵᠦ ᠪᠠᠶᠢᠨ᠎ᠠ︔ ᠦᠵᠡᠰᠬᠦᠯᠡᠩᠳᠦ ᠰᠠᠶᠢᠬᠠᠨ ᠤᠮᠠᠷᠠᠳᠦ ᠬᠢᠯᠢ ᠳᠤ ᠠᠵᠢᠯ ᠦᠢᠯᠡᠰ ᠤᠨ ᠵᠤᠷᠢᠯᠳᠠ ᠪᠠᠨ ᠪᠡᠶᠡᠯᠡᠬᠦᠯᠵᠦ᠂ ᠤᠯᠤᠰ ᠤᠷᠤᠨ ᠳᠠᠭᠠᠨ ᠵᠢᠳᠬᠦᠯ ᠭᠠᠷᠭᠠᠬᠤ ᠶᠢ ᠬᠦᠰᠡᠵᠦ ᠪᠠᠶᠢᠨ᠎ᠠ ᠭᠡᠪᠡ᠃      ᠲᠠᠨᠢᠯᠴᠠᠭᠤᠯᠬᠤ ᠬᠤᠷᠠᠯ ᠳᠡᠭᠡᠷ᠎ᠠ᠂ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠶᠢᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠪᠠᠶᠠᠷ ᠤᠨ ᠦᠭᠡ ᠭᠡᠯᠡᠵᠦ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠬᠢᠮ ᠤᠨ ᠬᠠᠷᠢᠭᠤᠴᠠᠯᠭᠠᠳᠠᠨ ᠠᠴᠠ ᠮᠠᠨ ᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠪᠠᠶᠢᠳᠠᠯ᠂ ᠴᠢᠳᠠᠪᠤᠷᠢᠳᠠᠨ ᠤ ᠬᠦᠭᠵᠢᠯᠳᠠ ᠶᠢᠨ ᠤᠷᠴᠢᠨ ᠲᠤᠭᠤᠷᠢᠨ ᠪᠠ ᠴᠢᠳᠠᠪᠤᠷᠢᠳᠠᠨ ᠤ ᠲᠦᠷᠦ ᠶᠢᠨ ᠪᠤᠳᠤᠯᠭ᠎ᠠ ᠶᠢ ᠲᠠᠨᠢᠯᠴᠠᠭᠤᠯᠵᠦ᠂ ᠰᠤᠷᠭᠠᠭᠤᠯᠢ ᠶᠢᠨ ᠠᠨᠳᠠ ᠶᠢᠨ ᠲᠦᠯᠦᠭᠡᠯᠡᠭᠴᠢ᠂ ᠰᠤᠩᠭᠤᠨ ᠲᠤᠬᠢᠷᠠᠭᠤᠯᠤᠭᠰᠠᠨ ᠰᠤᠷᠤᠬᠴᠢ ᠶᠢᠨ ᠲᠦᠯᠦᠭᠡᠯᠡᠭᠴᠢ ᠠᠴᠠ ᠦᠪᠡᠷ ᠤᠨ ᠢᠶᠠᠨ ᠥᠪᠦᠷ ᠮᠤᠩᠭᠤᠯ ᠳᠤ ᠠᠵᠢᠯᠯᠠᠵᠦ ᠦᠰᠦᠨ ᠪᠤᠶᠢᠵᠢᠬᠰᠠᠨ ᠦᠩᠭᠡᠷᠡᠯᠳᠠ ᠪᠠ ᠤᠯᠤᠯᠳᠠ ᠲᠦᠷᠦᠭᠳᠡᠯ ᠢᠶᠠᠨ ᠶᠠᠷᠢᠯᠴᠠᠵᠠᠢ᠃      ᠲᠠᠨᠢᠯᠴᠠᠭᠤᠯᠬᠤ ᠬᠤᠷᠠᠯ ᠤᠨ ᠳᠠᠷᠠᠭ᠎ᠠ᠂ ᠶᠠᠩ ᠸᠧᠢ ᠳ᠋ᠦᠩ᠂ ᠡᠸᠦ ᠶᠠᠩ ᠰᠢᠶᠤᠤ ᠬᠤᠢ ᠨᠠᠷ ᠲᠤᠰ ᠲᠤᠰ ᠴᠢᠩᠬᠤᠸᠠ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠨ ᠰᠢᠤᠢ ᠪᠠ ᠪᠡᠭᠡᠵᠢᠩ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠢᠦ ᠱᠦᠢ ᠫᠢᠩ ᠯᠦᠭᠡ ᠴᠢᠳᠠᠪᠤᠷᠢᠳᠠᠨ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠳᠤᠷᠠᠯᠴᠠᠭ᠎ᠠ ᠶᠢ ᠴᠢᠩᠭᠠᠳᠬᠠᠬᠤ ᠲᠤᠬᠠᠢ ᠠᠭᠤᠯᠵᠠᠨ ᠶᠠᠷᠢᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号