ᠦᠪᠤᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠲᠦᠪ ᠪᠡᠭᠡᠵᠢᠩ ᠳᠤ ᠪᠠᠶᠢᠭᠤᠯᠤᠬᠳᠠᠪᠠ  ᠶᠠᠩ ᠸᠧᠢ ᠳ᠋ᠦᠩ ᠡᠸᠤ ᠶᠠᠩ ᠰᠢᠶᠤᠤ ᠬᠤᠢ ᠣᠷᠣᠯᠴᠠᠪᠠ
ᠨᠡᠶᠢᠲᠡᠯᠡᠭᠰᠡᠨ ᠴᠠᠭ᠄
2020/10/28
     10 ᠰᠠᠷ᠎ᠡ ᠶᠢᠨ 26᠎ ᠤ ᠡᠳᠦᠷ᠂ ᠦᠪᠤᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠲᠦᠪ ᠪᠡᠭᠡᠵᠢᠩ ᠳᠠᠬᠢ ᠪᠡᠭᠡᠵᠢᠩ ᠦᠪᠤᠷ ᠮᠤᠩᠭᠤᠯ ᠤᠨ ᠲᠡᠭᠡᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠮᠤ ᠠᠰᠠᠷ ᠲᠤ ᠫᠠᠶᠢᠰᠠ ᠡᠯᠬᠦᠨ ᠪᠠᠶᠢᠭᠤᠯᠤᠬᠳᠠᠪᠠ᠃ ᠡᠨᠡ ᠪᠤᠯ ᠮᠠᠨ ᠤ ᠤᠷᠤᠨ ᠤ ᠡᠷᠬᠢᠯᠡᠭᠰᠡᠨ 2020 ᠤᠨ ᠤ ᠨᠡᠶᠢᠰᠯᠠᠯ ᠤᠨ ᠴᠢᠳᠠᠪᠤᠷᠢᠳᠠᠨ ᠤ ᠭᠠᠷᠠᠭ ᠤᠨ ᠰᠢᠷᠢᠰ ᠠᠵᠢᠯᠯᠠᠭᠠᠨ ᠤ ᠠᠭᠤᠯᠭ᠎ᠠ ᠶᠢᠨ ᠨᠢᠭᠡ ᠪᠤᠯᠤᠨ᠎ᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠶᠠᠩ ᠸᠧᠢ ᠳ᠋ᠦᠩ ︽ᠲᠠᠯ᠎ᠡ ᠨᠤᠳᠤᠭ ᠤᠨ ᠴᠢᠳᠠᠪᠤᠷᠢᠳᠠᠨ︾᠎ ᠢᠶᠠᠷ ᠰᠤᠩᠭᠤᠬᠳᠠᠬᠰᠡᠨ ᠤᠶᠠᠨ ᠴᠢᠨᠠᠷ ᠲᠠᠢ ᠤᠷᠤᠭᠤᠯᠤᠨ ᠠᠪᠴᠢᠷᠠᠬᠰᠡᠨ ᠴᠢᠳᠠᠪᠤᠷᠢᠳᠠᠨ ᠤ ᠲᠦᠯᠦᠭᠡᠯᠡᠭᠴᠢᠳ ᠲᠤ ︽ᠲᠠᠯ᠎ᠡ ᠨᠤᠳᠤᠭ ᠤᠨ ᠴᠢᠳᠠᠪᠤᠷᠢᠳᠠᠨ︾᠎ ᠤ ᠦᠨᠡᠮᠯᠡᠯ ᠤᠨ ᠪᠢᠴᠢᠭ ᠤᠯᠭᠤᠬᠰᠡᠨ ᠪᠦᠭᠡᠳ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠡᠸᠤ ᠶᠠᠩ ᠰᠢᠶᠤᠤ ᠬᠤᠢ ᠲᠠᠢ ᠬᠠᠮᠳᠤ ᠪᠠᠷ ᠦᠪᠤᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠲᠦᠪ ︵ᠪᠡᠭᠡᠵᠢᠩ︶᠎ ᠤᠨ ᠫᠠᠶᠢᠰᠠ ᠶᠢ ᠰᠡᠬᠦᠪᠠ᠃      ᠶᠠᠩ ᠸᠧᠢ ᠳ᠋ᠦᠩ᠂ ᠦᠪᠤᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠲᠦᠪ ᠢ ᠪᠠᠶᠢᠭᠤᠯᠬᠤ ᠪᠤᠯ ︽ᠨᠢᠭᠡ ᠲᠦᠪ ᠤᠯᠠᠨ ᠴᠡᠭ︾᠎ ᠤᠨ ᠴᠢᠳᠠᠪᠤᠷᠢᠳᠠᠨ ᠢ ᠤᠶᠠᠨ ᠴᠢᠨᠠᠷ ᠲᠠᠢ ᠤᠷᠤᠭᠤᠯᠤᠨ ᠠᠪᠴᠢᠷᠠᠬᠤ ᠵᠠᠮ ᠢ ᠬᠠᠶᠢᠨ ᠰᠦᠪᠡᠭᠴᠢᠯᠡᠬᠦ ᠠᠷᠭ᠎ᠠ ᠪᠠᠶᠢᠵᠤ᠂ ︽ᠪᠡᠭᠡᠵᠢᠩ ᠳᠤ ᠰᠤᠳᠤᠯᠵᠤ᠂ ᠦᠪᠤᠷ ᠮᠤᠩᠭᠤᠯ ᠳᠤ ᠤᠨᠳᠤᠤᠰᠢᠭᠤᠯᠬᠤ︾ ᠴᠢᠳᠠᠪᠤᠷᠢᠳᠠᠨ ᠢ ᠤᠶᠠᠨ ᠴᠢᠨᠠᠷ ᠲᠠᠢ ᠤᠷᠤᠭᠤᠯᠤᠨ ᠠᠪᠴᠢᠷᠠᠬᠤ ᠰᠢᠨ᠎ᠡ ᠬᠡᠪ ᠵᠠᠬᠪᠤᠷ ᠪᠤᠯᠤᠨ᠎ᠡ᠃ ᠬᠠᠪᠰᠤᠷᠤᠯᠭ᠎ᠠ ᠳᠤ ᠲᠦᠰᠢᠭᠯᠡᠨ ᠦᠨᠳᠤᠷ ᠲᠤ ᠭᠠᠷᠴᠤ᠂ ᠪᠠᠶᠢᠳᠠᠯ ᠢ ᠠᠰᠢᠬᠯᠡᠨ ᠬᠦᠴᠤᠯᠠᠵᠤ᠂ ᠪᠡᠭᠡᠵᠢᠩ ᠪᠤᠯᠤᠨ ᠦᠪᠤᠷ ᠮᠤᠩᠭᠤᠯ ᠤᠨ ᠨᠡᠩ ᠦᠷᠭᠡᠨ ᠲᠡᠯᠭᠡᠷ᠂ ᠨᠡᠩ ᠬᠦᠨᠵᠡᠭᠡᠢ ᠬᠠᠮᠳᠤᠷᠠᠯᠴᠠᠭ᠎ᠠ ᠰᠣᠯᠢᠯᠴᠠᠭ᠎ᠠ ᠶᠢ ᠪᠠᠶᠠᠯᠡᠬᠦᠯᠬᠦ ᠭᠡᠷᠡᠭᠳᠠᠢ᠃ ᠡᠯ᠎ᠡ ᠬᠤᠯᠪᠤᠬᠳᠠᠯ ᠪᠦᠬᠦᠢ ᠨᠢᠭᠡᠴᠢ ᠶᠢᠨ ᠬᠢᠨ ᠰᠡᠳᠬᠢᠯ ᠨᠢᠭᠡᠳᠤᠨ ᠬᠦᠴᠤᠨ ᠢᠶᠠᠨ ᠬᠠᠮᠳᠤᠳᠬᠠᠵᠤ᠂ ᠵᠤᠬᠢᠴᠠᠩᠭᠤᠢ ᠨᠢᠭᠡᠳᠤᠯᠳᠠᠢ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠲᠦᠪ ᠤᠨ ᠡᠬᠦᠷᠭᠡ ᠴᠢᠳᠠᠪᠬᠢ ᠶᠢᠨ ᠪᠠᠶᠢᠷᠢ ᠲᠤᠬᠳᠠᠭᠠᠯᠳᠠ ᠳᠤ ᠰᠠᠭᠤᠷᠢᠯᠠᠨ᠂ ᠬᠠᠳᠠᠭᠤ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠵᠦᠭᠡᠯᠡᠨ ᠤᠷᠴᠢᠨ ᠢ ᠲᠡᠬᠦᠯᠳᠡᠷᠵᠢᠬᠦᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠲᠦᠪ ᠤᠨ ᠪᠤᠳᠠᠳᠤ ᠴᠤᠬᠴᠠ ᠶᠢᠨ ᠠᠵᠢᠯᠯᠠᠭᠠᠨ᠂ ᠪᠦᠳᠦᠮᠵᠢᠳᠠᠢ ᠠᠵᠢᠯᠯᠠᠭᠠᠨ ᠢ ᠪᠠᠳᠤᠯᠠᠬᠤ ᠭᠡᠷᠡᠭᠳᠠᠢ᠃ ᠡᠯ᠎ᠡ ᠠᠶᠢᠮᠠᠭ ᠬᠤᠳᠠ᠂ ᠡᠯ᠎ᠡ ᠴᠢᠳᠠᠪᠤᠷᠢᠳᠠᠨ ᠤ ᠬᠤᠯᠪᠤᠭ᠎ᠠ ᠠᠪᠬᠤ ᠠᠵᠢᠯ ᠤᠨ ᠦᠷᠳᠡᠭᠡ ᠠᠰᠢᠭ ᠲᠤᠰᠠ ᠶᠢᠨ ᠬᠤᠯᠪᠤᠭᠠᠳᠦ ᠲᠤᠬᠳᠠᠴᠠ ᠶᠢ ᠲᠡᠬᠦᠯᠳᠡᠷᠵᠢᠬᠦᠯᠦᠭᠰᠡᠨ ᠤ ᠰᠠᠭᠤᠷᠢᠨ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠲᠦᠪ ᠤᠨ ᠪᠦᠳᠦᠭᠡᠨ ᠪᠠᠶᠢᠭᠤᠯᠤᠯᠳᠠ ᠬᠦᠭᠵᠢᠯᠳᠠ ᠳᠤ ᠢᠳᠡᠪᠬᠢᠳᠠᠢ ᠤᠷᠤᠯᠴᠠᠵᠤ᠂ ᠮᠡᠳᠡᠭᠡ ᠵᠠᠩᠭᠢ ᠶᠢ ᠬᠠᠮᠳᠤ ᠪᠠᠷ ᠡᠳ᠋ᠯᠡᠬᠦ᠂ ᠡᠯᠧᠮᠧᠨ᠋ᠲ ᠢ ᠬᠠᠮᠳᠤ ᠪᠠᠷ ᠡᠳ᠋ᠯᠡᠬᠦ᠂ ᠡᠭᠢ ᠪᠠᠶᠠᠯᠢᠭ ᠢ ᠬᠠᠮᠳᠤ ᠪᠠᠷ ᠡᠳ᠋ᠯᠡᠬᠦ᠂ ᠦᠷ᠎ᠡ ᠪᠦᠳᠦᠭᠡᠯ ᠢ ᠬᠠᠮᠳᠤ ᠪᠠᠷ ᠡᠳ᠋ᠯᠡᠬᠦ ᠶᠢ ᠪᠠᠶᠠᠯᠡᠬᠦᠯᠵᠤ᠂ ︽ᠬᠤᠨ ᠭᠠᠯᠠᠭᠤ ᠬᠦᠨᠳᠤᠳᠤ ᠵᠤᠴᠢᠳ︾ ᠡᠨᠡ ᠬᠦ ᠲᠠᠪᠴᠠᠩ ᠢ ᠰᠠᠶᠢᠳᠤᠷ ᠠᠰᠢᠬᠯᠠᠵᠤ᠂ ᠦᠪᠤᠷ ᠮᠤᠩᠭᠤᠯ ᠯᠤᠭ᠎ᠠ ᠨᠡᠩ ᠤᠯᠠᠨ ᠬᠠᠮᠳᠤᠷᠠᠯᠴᠠᠭ᠎ᠠ ᠰᠤᠯᠢᠯᠴᠠᠭ᠎ᠠ ᠦᠷᠨᠢᠬᠦᠯᠤᠨ᠂ ᠮᠠᠨ ᠤ ᠲᠠᠪᠠᠭᠤᠯᠢᠭ ᠤᠨᠴᠠᠯᠢᠭ ᠢᠶᠠᠨ ᠨᠡᠩ ᠤᠯᠠᠨ ᠤᠬᠠᠭᠤᠯᠤᠨ ᠲᠠᠨᠢᠯᠴᠠᠭᠤᠯᠵᠤ᠂ ᠡᠷᠳᠡᠮᠳᠡᠨ ᠮᠡᠷᠭᠡᠳ ᠢ ᠪᠠᠳᠤᠯᠠᠨ ᠲᠠᠨᠢᠯᠴᠠᠭᠤᠯᠬᠤ ᠳᠤ ᠨᠡᠩ ᠤᠯᠠᠨ ᠬᠦᠬᠦᠷᠭᠡ ᠬᠤᠯᠪᠤᠭᠠᠰᠤ ᠪᠠᠶᠢᠭᠤᠯᠤᠨ᠂ ᠦᠪᠤᠷ ᠮᠤᠩᠭᠤᠯ ᠯᠤᠭ᠎ᠠ ᠭᠠᠷ ᠬᠤᠯᠪᠤᠨ ᠤᠷᠤᠬᠰᠢᠯᠠᠵᠤ᠂ ᠬᠠᠮᠳᠤ ᠪᠠᠷ ᠬᠦᠭᠵᠢᠬᠦ ᠶᠢ ᠬᠦᠰᠡᠵᠤ ᠪᠠᠶᠢᠨ᠎ᠡ ᠭᠡᠵᠤ ᠵᠢᠭᠠᠵᠤ ᠭᠠᠷᠭᠠᠪᠠ᠃      ᠠᠵᠢᠯᠯᠠᠭᠠᠨ ᠤ ᠠᠬᠤᠢ ᠲᠠᠯᠠᠪᠠᠢ ᠳᠤ᠂ ᠮᠠᠨ ᠤ ᠤᠷᠤᠨ ᠤ ᠭᠡᠰᠡᠭ ᠠᠶᠢᠮᠠᠭ ᠬᠤᠳᠠ ᠬᠤᠰᠢᠭᠤ ᠰᠢᠶᠠᠨ᠂ ᠨᠢᠭᠡᠴᠢ ᠶᠢᠨ ᠬᠢᠨ ᠴᠢᠩᠬᠤᠸᠠ ᠶᠡᠭᠡ ᠰᠤᠷᠭᠠᠭᠤᠯᠢ᠂ ᠵᠦᠩ ᠭᠤᠸᠠᠨ ᠼᠦᠨ ᠤ ᡁᠢ ᠺᠦ᠋ ᠺᠤᠮᠫᠠᠨᠢ᠂ ᠪᠡᠭᠡᠵᠢᠩ ᠶᠡᠭᠡ ᠰᠤᠷᠭᠠᠭᠤᠯᠢ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠡ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠠᠯᠠᠩ ᠤᠨ ᠭᠡᠰᠡᠭ ᠬᠦᠷᠢᠶᠠᠯᠠᠩ ᠭᠠᠵᠠᠷ ᠯᠤᠭ᠎ᠠ ᠴᠢᠳᠠᠪᠤᠷᠢᠳᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠤᠨ 12 ᠵᠦᠢᠯ ᠤᠨ ᠬᠠᠮᠳᠤᠷᠠᠯᠴᠠᠭᠠᠨ ᠤ ᠵᠦᠪᠯᠡᠯᠴᠡᠭᠡᠷ ᠲᠤ ᠭᠠᠷ ᠤᠨ ᠦᠰᠦᠭ ᠵᠢᠷᠤᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号