| | ︵2020 ᠣᠨ ᠤ 10 ᠰᠠᠷ᠎ᠠ ᠶᠢᠨ 29 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠪᠠᠲᠤᠯᠠᠪᠠ︶ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠥᠬᠦᠳᠡ ᠬᠤᠷᠠᠯ 2020 ᠣᠨ ᠤ 10 ᠰᠠᠷ᠎ᠠ ᠶᠢᠨ 26 ᠤ ᠡᠳᠦᠷ ᠠᠴᠠ 29 ᠤ ᠡᠳᠦᠷ ᠪᠣᠯᠲᠠᠯ᠎ᠠ | ᠪᠡᠭᠡᠵᠢᠩ ᠳᠤ ᠬᠤᠷᠠᠯᠳᠤᠪᠠ᠃ | ᠡᠨᠡ ᠤᠳᠠᠭ᠎ᠠ ᠶᠢᠨ ᠪᠥᠬᠦᠳᠡ ᠬᠤᠷᠠᠯ ᠳᠤ᠂ ᠲᠥᠪ ᠬᠤᠷᠢᠶᠠᠨ ᠤ ᠭᠡᠰᠢᠭᠦᠨ 198 ᠬᠥᠮᠦᠨ᠂ ᠲᠥᠪ | ᠬᠤᠷᠢᠶᠠᠨ ᠤ ᠣᠷᠣᠯᠠᠭᠴᠢ ᠭᠡᠰᠢᠭᠦᠨ 166 ᠬᠥᠮᠦᠨ ᠣᠷᠣᠯᠴᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠨ ᠪᠣᠯᠤᠨ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠲᠠᠨ | ᠨᠥᠬᠦᠳ ᠬᠤᠷᠠᠯ ᠳᠤ ᠰᠤᠯᠠ ᠣᠷᠣᠯᠴᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠥᠯᠥᠭᠡᠯᠡᠭᠴᠢ ᠶᠢᠨ | ᠳᠣᠲᠣᠷᠠᠬᠢ ᠦᠨᠳᠦᠰᠦᠨ ᠱᠠᠲᠤᠨ ᠤ ᠬᠡᠰᠡᠭ ᠨᠥᠬᠦᠳ ᠪᠤᠯᠤᠨ ᠲᠤᠰᠬᠠᠶ ᠮᠡᠷᠭᠡᠵᠢᠯᠲᠡᠨ ᠡᠷᠳᠡᠮᠲᠡᠨ ᠪᠠᠰᠠ | ᠬᠤᠷᠠᠯ ᠳᠤ ᠰᠤᠯᠠ ᠣᠷᠣᠯᠴᠠᠵᠢ᠃ | ᠪᠥᠬᠦᠳᠡ ᠬᠤᠷᠠᠯ ᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠡᠷᠬᠢᠯᠡᠪᠡ᠃ ᠨᠠᠮ ᠤᠨ | ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ | ᠪᠥᠬᠦᠳᠡ ᠬᠤᠷᠠᠯ ᠠᠴᠠ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ︽ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ | 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠰᠠᠨᠠᠭᠤᠯᠭ᠎ᠠ︾ ᠶᠢ ᠬᠢᠨᠠᠨ ᠵᠦᠪᠯᠡᠵᠥ ᠪᠠᠲᠤᠯᠠᠪᠠ᠃ ᠰᠢ ᠶᠢᠨ ᠫᠢᠩ ︽ᠰᠠᠨᠠᠭᠤᠯᠭ᠎ᠠ | ︵ᠶᠠᠷᠢᠯᠴᠠᠬᠤ ᠨᠣᠤᠷᠠᠭ︶︾ ᠶᠢᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠠ᠃ | ᠪᠥᠬᠦᠳᠡ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ | ᠪᠥᠬᠦᠳᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ | ᠨᠤᠲᠠᠯᠠᠪᠠ᠃ ᠨᠢᠭᠡ ᠵᠢᠯ ᠤᠨ ᠲᠤᠷᠰᠢ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠮᠠᠷᠺᠰ | ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ | ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠥ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠤᠨ | ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ | ᠨᠡᠭᠡᠭᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠯᠠᠪᠳᠠᠭᠤᠨ ᠪᠦᠭᠡᠳ ᠡᠷᠴᠢᠮᠳᠠᠢ ᠠᠷᠭᠠᠴᠠᠭᠠᠨ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ | ᠲᠥᠯᠥᠪᠵᠢᠬᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ | ᠮᠡᠨᠳᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ ᠪᠠᠶᠢᠯᠳᠤᠬᠤ | ᠪᠣᠳᠣᠯᠭ᠎ᠠ ᠶᠢᠨ ᠰᠠᠭᠤᠷᠢ ᠴᠡᠭ ᠢ ᠡᠵᠡᠮᠳᠡᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠷᠸ᠎ᠠ ᠲᠥᠷᠥ ᠶᠢᠨ ᠪᠣᠳᠣᠯᠭ᠎ᠠ ᠪᠠᠷ ᠠᠷᠭᠠᠴᠠᠭᠠᠬᠤ ᠡᠷᠴᠢᠮ ᠢᠶᠠᠨ | ᠴᠢᠩᠭᠠᠷᠠᠭᠤᠯᠤᠨ᠂ ︽ᠵᠢᠷᠭᠤᠭ᠎ᠠ ᠶᠢ ᠳᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠡᠷᠬᠡ ᠮᠡᠳᠡᠯ᠂ | ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠵᠤ᠂ ᠭᠤᠷᠪᠠᠨ ᠶᠡᠭᠡ | ᠪᠣᠭᠤᠮᠲᠠ ᠰᠢᠪᠲᠤᠯᠬᠤ ᠳᠠᠶᠢᠯᠠᠯᠳᠤᠭᠠᠨ ᠯᠠᠪᠳᠠᠭᠤᠨ ᠪᠠᠲᠤᠲᠠᠶ ᠠᠬᠢᠵᠤ᠂ ᠠᠵᠤ ᠠᠬᠤᠢ ᠶᠢᠨ ᠨᠡᠮᠡᠭᠳᠡᠯ | ᠵᠢᠱᠢᠯᠲᠡ ᠠᠴᠠ ᠰᠠᠶᠢᠨ ᠪᠠᠶᠢᠵᠤ᠂ ᠠᠷᠠᠳ ᠤᠨ ᠠᠮᠢᠳᠤᠷᠠᠯ ᠢ ᠬᠦᠴᠦᠲᠡᠶ ᠪᠠᠲᠤᠯᠠᠵᠤ᠂ ᠨᠡᠶᠢᠭᠡᠮ ᠤᠨ ᠶᠡᠭᠡ ᠲᠠᠯ᠎ᠠ | ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠤᠮᠤ ᠤᠯᠤᠰ ᠤᠨ ᠭᠠᠳᠠᠭᠠᠳᠤ | ᠬᠠᠷᠢᠯᠴᠠᠭ᠎ᠠ ᠢᠳᠡᠪᠬᠢᠲᠡᠶ ᠠᠬᠢᠵᠤ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠴᠢᠬᠤᠯᠠ ᠶᠡᠭᠡ | ᠰᠢᠨ᠎ᠡ ᠠᠮᠵᠢᠯᠲᠠ ᠪᠦᠲᠦᠮᠵᠢ ᠤᠯᠵᠠᠢ ᠬᠡᠵᠥ ᠰᠠᠨᠠᠯ ᠨᠢᠬᠡᠳᠡᠢ ᠦᠵᠡᠪᠡ᠃ | ᠪᠥᠬᠦᠳᠡ ᠬᠤᠷᠠᠯ ᠠᠴᠠ᠂ ᠨᠠᠷᠢᠨ ᠪᠤᠳᠤᠯᠢᠶᠠᠨᠲᠠᠶ ᠳᠡᠯᠡᠬᠡᠢ ᠶᠢᠨ ᠪᠠᠶᠢᠳᠠᠯ᠂ ᠬᠠᠲᠠᠭᠤ ᠪᠡᠷᠬᠡ ᠪᠥᠭᠡᠳ ᠨᠦᠰᠡᠷ | ᠬᠦᠨᠳᠦ ᠪᠠᠶᠢᠭ᠎ᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ | ᠣᠨᠴᠠᠭᠠᠶᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ | ᠳᠠᠭᠠᠷᠢᠯᠲᠠ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠶᠢᠯᠡᠨ ᠤᠷᠤᠭᠰᠢᠯᠠᠵᠤ᠂ ᠵᠠᠮ | ᠨᠡᠭᠡᠭᠡᠨ ᠰᠢᠨ᠎ᠡ ᠶᠢ ᠡᠭᠦᠳᠴᠦ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠢ ᠬᠦᠴᠦᠯᠡᠨ ᠠᠬᠢᠭᠤᠯᠵᠤ᠂ | ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠬᠥᠯᠭᠡ ᠣᠩᠭᠤᠴᠠ ᠦᠷᠭᠦᠯᠵᠢᠯᠡᠨ ᠰᠠᠯᠬᠢ ᠳᠠᠪᠠᠯᠭᠠᠨ ᠢ ᠵᠦᠰᠦᠨ᠂ ᠡᠷᠡᠰ | ᠰᠢᠭᠤᠷᠬᠠᠶ ᠪᠠᠷ ᠤᠷᠤᠭᠰᠢᠯᠠᠪᠠ᠃ ᠰᠢ ᠶᠢᠨ ᠫᠢᠩ ᠨᠥᠬᠦᠷ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠦᠬᠦ | ᠨᠠᠮ ᠤᠨ ᠭᠤᠤᠯᠯᠠᠭᠴᠢ ᠪᠤᠯᠵᠤ ᠠᠶᠠᠯᠠᠯ ᠵᠠᠮᠴᠢᠯᠠᠨ ᠴᠢᠭᠯᠡᠯ ᠢ ᠡᠵᠡᠮᠳᠡᠨ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠰᠢᠷᠭᠠᠭᠤ ᠬᠠᠲᠠᠭᠤᠵᠢᠯᠲᠠᠶ ᠲᠡᠮᠡᠴᠡᠪᠡᠯ᠂ | ᠪᠢᠳᠡ ᠯᠠᠪᠲᠠᠶ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠢ | ᠢᠯᠠᠨ ᠳᠠᠪᠠᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠯᠠᠪᠳᠠᠢ ᠨᠡᠩ | ᠡᠷᠴᠢᠮᠳᠠᠢ ᠲᠦᠯᠬᠢᠨ ᠤᠷᠤᠭᠰᠢᠯᠠᠭᠤᠯᠵᠤ ᠴᠢᠳᠠᠬᠤ ᠶᠢ ᠦᠢᠯᠡᠳᠦᠯᠭᠡ ᠳᠠᠬᠢᠨᠲᠠ ᠭᠡᠷᠡᠴᠢᠯᠡᠵᠠᠢ ᠬᠡᠵᠥ ᠰᠠᠨᠠᠯ ᠨᠢᠬᠡᠳᠡᠢ | ᠦᠵᠡᠪᠡ᠃ | ᠪᠥᠬᠦᠳᠡ ᠬᠤᠷᠠᠯ ᠠᠴᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠦ ᠢᠯᠠᠯᠲᠠ ᠶᠢ | ᠤᠯᠬᠤ ᠲᠠᠯ᠎ᠠ ᠪᠠᠷ ᠣᠯᠤᠭᠰᠠᠨ ᠰᠢᠢᠳᠪᠦᠷᠢᠯᠡᠭᠴᠢ ᠴᠢᠨᠠᠷᠲᠠᠶ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠪᠡ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠪᠦᠬᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠠᠵᠢᠯ ᠴᠢᠬᠤᠯᠠ ᠶᠡᠭᠡ ᠠᠬᠢᠴᠠ ᠲᠠᠢ ᠪᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠠᠵᠢᠯ ᠴᠢᠬᠤᠯᠠ ᠶᠡᠭᠡ ᠦᠷ᠎ᠡ ᠪᠦᠲᠦᠭᠡᠯ ᠣᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠲᠦᠷᠭᠡᠨ ᠠᠬᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠤᠯᠠᠮ ᠨᠢᠭᠡ | ᠠᠯᠬᠤᠮ ᠢᠯᠡᠷᠡᠪᠡ︔ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠣᠳᠠᠲᠤ ᠬᠦᠴᠦᠨ᠂ ᠤᠯᠤᠰ ᠤᠨ ᠶᠡᠷᠦᠩᠬᠡᠢ ᠬᠦᠴᠦᠨ ᠰᠢᠨ᠎ᠡ ᠶᠡᠭᠡ ᠳᠡᠭᠲᠡᠷ ᠲᠤ ᠭᠠᠷᠴᠤ᠂ ᠠᠵᠤ ᠠᠬᠤᠶ ᠶᠢᠨ | ᠡᠷᠬᠢᠯᠳᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠤ ᠠᠬᠤᠶ ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ | ᠵᠢᠱᠢᠯᠲᠡ ᠪᠠᠷ 2020 ᠣᠨ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 100 | ᠲᠦᠮᠡᠨ ᠳ᠋ᠦᠩᠰᠢᠭᠤᠷ ᠲᠥᠭᠦᠷᠢᠭ ᠢ ᠳᠠᠪᠠᠭ᠋ᠤ ᠪᠤᠯᠤᠨ᠎ᠠ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠳᠤᠯᠤᠭᠰᠠᠨ ᠦᠷ᠎ᠡ ᠪᠦᠲᠦᠭᠡᠯ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ᠂ ᠬᠥᠳᠡᠭᠡ ᠲᠣᠰᠬᠤᠨ ᠤ ᠲᠠᠪᠤᠨ | ᠮᠢᠩᠭ᠎ᠠ ᠲᠠᠪᠤᠨ ᠵᠠᠭᠤ ᠲᠠᠯᠠᠨ ᠲᠠᠪᠤᠨ ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠠᠳᠠᠭᠤ ᠠᠴᠠ ᠠᠩᠭᠢᠵᠢᠷᠠᠪᠠ︔ | ᠠᠮᠤ ᠪᠤᠳᠠᠭᠠᠨ ᠤ ᠤᠨᠠᠯᠲᠠ ᠲᠠᠪᠤᠨ ᠵᠢᠯ ᠳᠠᠷᠠᠭᠠᠯᠠᠨ ᠲᠦᠮᠡ ᠭᠤᠷᠪᠠᠨ ᠮᠢᠩᠭᠠᠨ ᠳ᠋ᠦᠩᠰᠢᠭᠤᠷ ᠵᠢᠩ ᠢ ᠳᠠᠪᠠᠪᠠ︔ | ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠴᠢᠩᠭᠠᠷᠠᠵᠤ᠂ ᠠᠮᠢ ᠠᠬᠤᠶ ᠣᠷᠴᠢᠨ ᠳᠤᠭᠤᠷᠢᠨ ᠢᠯᠡᠳᠲᠡ | ᠰᠠᠶᠢᠵᠢᠷᠠᠪᠠ︔ ᠭᠠᠳᠠᠭᠠᠳᠤ ᠨᠡᠭᠡᠭᠡᠯᠲᠡ ᠦᠷᠭᠦᠯᠵᠢᠯᠡᠨ ᠥᠷᠭᠡᠳᠴᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠠᠵᠢᠯ ᠪᠠᠶᠠᠯᠢᠭ ᠦᠷ᠎ᠡ ᠪᠦᠲᠦᠭᠡᠯ ᠤᠯᠪᠠ︔ ᠠᠷᠠᠳ ᠤᠨ ᠠᠮᠢᠳᠤᠷᠠᠯ ᠤᠨ ᠲᠦᠪᠰᠢᠨ | ᠢᠯᠡᠳᠲᠡ ᠳᠡᠭᠡᠭᠰᠢᠯᠡᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠲᠦᠭᠡᠮᠡᠯᠵᠢᠬᠦ ᠱᠠᠲᠤᠨ ᠳᠤ ᠣᠷᠣᠵᠤ᠂ ᠬᠤᠲᠠ | ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠵᠢᠷᠭᠤᠭᠠᠨ ᠮᠢᠩᠭᠠᠨ ᠲᠦᠮᠡ ᠶᠢ ᠳᠠᠪᠠᠵᠤ᠂ ᠳᠡᠯᠡᠬᠡᠶ | ᠳᠡᠬᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠤᠨ᠂ ᠦᠨᠳᠦᠰᠦᠨ | ᠡᠮ ᠡᠮᠴᠢᠯᠡᠭᠡᠨ ᠤ ᠳᠠᠭᠠᠳᠬᠠᠯ 13 ᠳ᠋ᠦᠩᠰᠢᠭᠤᠷ ᠭᠠᠷᠤᠢ ᠬᠥᠮᠦᠨ ᠢ ᠬᠠᠮᠤᠷᠴᠤ᠂ ᠦᠨᠳᠦᠰᠦᠨ ᠨᠠᠰᠤᠵᠢᠯ ᠤᠨ | ᠳᠠᠭᠠᠳᠬᠠᠯ 10 ᠳ᠋ᠦᠩᠰᠢᠭᠤᠷ ᠰᠢᠬᠠᠮ ᠬᠥᠮᠦᠨ ᠢ ᠬᠠᠮᠤᠷᠴᠤ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ | ᠪᠦᠲᠦᠭᠡᠯ ᠤᠯᠪᠠ︔ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠴᠡᠴᠡᠭᠯᠡᠨ ᠬᠥᠭᠵᠢᠪᠡ︔ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠶᠡᠭᠡ ᠪᠠᠷ ᠳᠡᠭᠡᠭᠰᠢᠯᠡᠵᠦ᠂ | ᠴᠡᠷᠢᠭ ᠠᠩᠬᠢ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠪᠠ︔ | ᠤᠯᠤᠰ ᠤᠨ ᠠᠮᠤᠷ ᠲᠦᠪᠰᠢᠨ ᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠡᠶ᠎ᠡ ᠵᠤᠬᠢᠴᠠᠩᠭᠤᠢ ᠲᠣᠭᠲᠠᠭᠤᠨ | ᠪᠠᠶᠢᠳᠠᠯ ᠢᠶᠠᠨ ᠪᠠᠲᠤᠯᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ | ᠡᠭᠦᠷᠭᠡ ᠤᠳᠠᠯ ᠦᠭᠡᠢ ᠪᠡᠶᠡᠯᠡᠭᠳᠡᠬᠦ ᠪᠠᠷ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ | ᠠᠮᠵᠢᠯᠲᠠ ᠣᠯᠤᠮᠠᠷ ᠪᠤᠯᠵᠥ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠤᠷᠤᠭᠰᠢ ᠪᠠᠨ | ᠨᠢᠭᠡ ᠶᠡᠭᠡ ᠰᠢᠨ᠎ᠠ ᠠᠯᠬᠤᠮ ᠠᠬᠢᠵᠤ᠂ ᠨᠡᠶᠢᠭᠡᠮ ᠵᠢᠷᠤᠮᠲᠤ ᠳᠤᠮᠳᠠᠳᠤ ᠤᠯᠤᠰ ᠨᠡᠩ ᠠᠤᠭ᠎ᠠ ᠰᠦᠷᠯᠢᠭ ᠳᠦᠷᠢ | ᠲᠥᠷᠬᠦ ᠪᠠᠷ ᠳᠡᠯᠡᠬᠡᠢ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠠᠢ ᠭᠡᠪᠡ᠃ | ᠪᠥᠬᠦᠳᠡ ᠬᠤᠷᠠᠯ ᠠᠴᠠ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠢᠭᠡ ᠯᠡ ᠠᠮᠢᠰᠬᠤᠭ᠎ᠠ ᠪᠠᠷ ᠴᠢᠷᠮᠠᠶᠢᠨ᠂ ᠲᠣᠭᠲᠠᠭᠰᠠᠨ | ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠣᠯᠬᠤ ᠶᠢ ᠦᠨᠡᠨ ᠬᠦ ᠪᠠᠲᠤᠯᠠᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ | ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ | ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠬᠡᠵᠥ ᠴᠢᠬᠤᠯᠠᠴᠢᠯᠠᠪᠠ᠃ | ᠪᠥᠬᠦᠳᠡ ᠬᠤᠷᠠᠯ ᠠᠴᠠ ᠮᠠᠨ ᠤ ᠤᠯᠤᠰ ᠤᠨ ᠬᠥᠭᠵᠢᠯᠲᠡ ᠶᠢᠨ ᠣᠷᠴᠢᠨ ᠲᠣᠭᠤᠷᠢᠨ ᠳᠤ ᠲᠤᠯᠭᠠᠷᠠᠵᠤ | ᠪᠠᠶᠢᠭ᠎ᠠ ᠭᠦᠨ ᠭᠦᠨᠵᠡᠭᠡᠶ ᠨᠠᠷᠢᠨ ᠪᠤᠳᠤᠯᠢᠶᠠᠨᠲᠠᠶ ᠬᠤᠪᠢᠷᠠᠯᠲᠠ ᠶᠢ ᠭᠦᠨᠵᠡᠭᠡᠶ ᠵᠠᠳᠠᠯᠵᠤ᠂ ᠣᠳᠣᠬᠠᠨ ᠪᠠ | ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ | ᠪᠠᠶᠢᠯᠳᠤᠬᠤ ᠪᠣᠳᠣᠯᠭ᠎ᠠ ᠶᠢᠨ ᠠᠵᠠ ᠲᠤᠬᠢᠶᠠᠯᠳᠤ ᠬᠤᠭᠤᠴᠠᠭᠠᠨ ᠳᠤ ᠣᠷᠣᠰᠢᠨ᠎ᠠ᠂ ᠭᠡᠪᠡᠴᠦ ᠠᠵᠠ ᠲᠣᠬᠢᠶᠠᠯ ᠪᠠ | ᠥᠷᠢᠰᠥᠯᠳᠦᠭᠡᠨ ᠳᠤ ᠴᠥᠮ ᠰᠢᠨ᠎ᠡ ᠬᠥᠭᠵᠢᠯᠲᠡ ᠬᠤᠪᠢᠷᠠᠯᠲᠠ ᠲᠠᠢ᠃ ᠣᠳᠣᠬᠠᠨ ᠤ ᠳᠡᠯᠡᠬᠡᠶ ᠶᠢᠷᠲᠢᠨᠴᠦ ᠶᠠᠭ | ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠰᠢᠨ᠎ᠡ ᠨᠢᠭᠡ ᠡᠭᠡᠯᠵᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ | ᠬᠦᠭᠵᠢᠵᠦ᠂ ᠣᠯᠠᠨ ᠤᠯᠤᠰ ᠤᠨ ᠬᠦᠴᠦᠨ ᠤ ᠬᠠᠷᠢᠴᠠᠯ ᠳᠤ ᠭᠦᠨᠵᠡᠭᠡᠢ ᠳᠤᠬᠢᠷᠠᠭᠤᠯᠤᠯᠳᠠ ᠡᠭᠦᠰᠴᠤ᠂ ᠡᠩᠬᠡ | ᠲᠠᠶᠢᠪᠤᠩ ᠪᠠ ᠬᠥᠭᠵᠢᠯᠲᠡ ᠮᠥᠨ ᠬᠦ ᠴᠠᠭ ᠦᠶ᠎ᠡ ᠶᠢᠨ ᠭᠤᠣᠯ ᠰᠡᠳᠦᠪ ᠪᠠᠶᠢᠵᠤ᠂ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠭᠦᠨ | ᠬᠠᠳᠠᠩᠰᠢᠬᠤ ᠶᠢᠨ ᠬᠠᠮᠲᠤ ᠤᠯᠠᠨ ᠤᠯᠤᠰ ᠤᠨ ᠣᠷᠴᠢᠨ ᠡᠳᠦᠷ ᠢᠷᠡᠬᠦᠶ᠎ᠡ ᠪᠤᠳᠤᠯᠢᠶᠠᠨᠲᠠᠶ ᠪᠤᠯᠵᠤ᠂ ᠳᠤᠭᠳᠠᠭᠤᠨ | ᠪᠤᠰᠤ ᠴᠢᠨᠠᠷ ᠳᠤᠳᠤᠷᠬᠠᠢ ᠦᠭᠡᠢ ᠴᠢᠨᠠᠷ ᠢᠯᠡᠳᠲᠡ ᠨᠡᠮᠡᠭᠳᠡᠪᠡ᠃ ᠮᠠᠨ ᠤ ᠤᠯᠤᠰ ᠨᠢᠭᠡᠨᠲᠡ ᠴᠢᠨᠠᠷ ᠰᠠᠶᠢᠲᠠᠶ | ᠬᠥᠭᠵᠢᠯᠲᠡ ᠶᠢᠨ ᠱᠠᠲᠤᠨ ᠳᠤ ᠰᠢᠯᠵᠢᠵᠦ᠂ ᠪᠠᠶᠢᠭᠤᠯᠤᠯ ᠤᠨ ᠳᠠᠪᠠᠭᠤᠯᠢᠭ ᠢᠯᠡᠷᠬᠡᠢ ᠪᠣᠯᠵᠤ᠂ ᠵᠠᠰᠠᠯᠲᠠ ᠶᠢᠨ ᠦᠷ᠎ᠡ | ᠪᠦᠲᠦᠮᠵᠢ ᠳᠡᠭᠡᠭᠰᠢᠯᠡᠵᠤ᠂ ᠠᠵᠤ ᠠᠬᠤᠶ ᠤᠷᠲᠤ ᠬᠤᠭᠤᠴᠠᠭ᠎ᠠ ᠪᠠᠷ ᠰᠠᠶᠢᠵᠢᠷᠠᠵᠤ᠂ ᠪᠣᠳᠠᠰ ᠤᠨ ᠰᠠᠭᠤᠷᠢ ᠵᠤᠵᠠᠭᠠᠨ᠂ | ᠬᠥᠮᠦᠨ ᠤ ᠬᠦᠴᠦᠨ ᠤ ᠡᠬᠢ ᠪᠠᠶᠠᠯᠢᠭ ᠡᠯᠪᠡᠭ᠂ ᠵᠠᠬ᠎ᠠ ᠳᠡᠯᠭᠡᠭᠦᠷ ᠤᠨ ᠣᠷᠣᠨ ᠵᠠᠶ ᠦᠷᠭᠡᠨ ᠠᠭᠤᠳᠠᠮ᠂ | ᠬᠥᠭᠵᠢᠯᠲᠡ ᠶᠢᠨ ᠤᠶᠠᠨ ᠬᠠᠳᠠᠨ ᠴᠢᠨᠠᠷ ᠴᠢᠩᠭ᠎ᠠ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠵᠤ᠂ | ᠦᠷᠭᠦᠯᠵᠢᠯᠡᠨ ᠬᠥᠭᠵᠢᠬᠦ ᠳᠤ ᠣᠯᠠᠨ ᠲᠠᠯ᠎ᠠ ᠶᠢᠨ ᠳᠠᠪᠠᠭᠤᠯᠢᠭ ᠪᠠ ᠨᠥᠬᠦᠴᠡᠯ ᠲᠠᠢ ᠪᠠᠶᠢᠬᠤ ᠶᠢᠨ ᠵᠡᠷᠭᠡ ᠪᠠᠷ ᠮᠠᠨ ᠤ | ᠤᠯᠤᠰ ᠤᠨ ᠬᠥᠭᠵᠢᠯᠲᠡ ᠲᠡᠩᠴᠡᠭᠦᠷᠢ ᠦᠭᠡᠶ ᠭᠦᠢᠴᠡᠳ ᠪᠤᠰᠤ ᠪᠠᠶᠢᠬᠤ ᠠᠰᠠᠭᠤᠳᠠᠯ ᠮᠥᠨ ᠬᠦ ᠳᠣᠪᠤᠶᠢᠮ᠎ᠠ | ᠪᠠᠶᠢᠭᠰᠠᠭᠠᠷ᠂ ᠭᠤᠣᠯᠳᠠᠯᠭ᠎ᠠ ᠲᠠᠢ ᠬᠦᠷᠢᠶᠡᠨ ᠤ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠡᠭᠦᠷᠭᠡ | ᠮᠥᠨ ᠬᠦ ᠬᠠᠲᠠᠭᠤᠵᠢᠯᠲᠠᠢ ᠪᠠᠶᠢᠵᠤ᠂ ᠰᠢᠨ᠎ᠡ ᠶᠢ ᠡᠭᠦᠳᠬᠦ ᠴᠢᠳᠠᠪᠤᠷᠢ ᠴᠢᠨᠠᠷ ᠰᠠᠶᠢᠲᠠᠶ ᠬᠥᠭᠵᠢᠯᠲᠡ ᠶᠢᠨ | ᠱᠠᠭᠠᠷᠳᠠᠯᠭ᠎ᠠ ᠳᠤ ᠵᠣᠬᠢᠴᠠᠬᠤ ᠦᠭᠡᠢ᠂ ᠬᠦᠳᠡᠭᠡ ᠠᠵᠤ ᠠᠬᠤᠢ ᠶᠢᠨ ᠰᠠᠭᠤᠷᠢ ᠪᠠᠰᠠ ᠪᠠᠲᠤ ᠪᠠᠬᠢ ᠪᠢᠰᠢ᠂ ᠬᠤᠲᠠ | ᠬᠥᠳᠡᠭᠡ ᠣᠷᠣᠨ ᠪᠦᠰᠡ ᠶᠢᠨ ᠬᠥᠭᠵᠢᠯᠲᠡ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠨᠡᠯᠢᠶᠡᠳ ᠶᠡᠭᠡ | ᠪᠠᠶᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠳᠤ ᠳᠤᠲᠠᠭᠤᠳᠠᠯ ᠣᠷᠣᠰᠢᠵᠤ᠂ ᠨᠡᠶᠢᠭᠡᠮ ᠤᠨ ᠵᠠᠰᠠᠯᠲᠠ ᠳᠤ ᠪᠠᠰᠠ ᠪᠠᠭᠤᠷᠠᠢ ᠵᠦᠢᠯ | ᠪᠠᠶᠢᠨ᠎ᠠ᠃ ᠪᠦᠬᠦ ᠨᠠᠮ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ | ᠬᠤᠪᠢᠷᠠᠯᠲᠠ ᠶᠢᠨ ᠠᠪᠴᠢᠷᠠᠭᠰᠠᠨ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ ᠨᠠᠷᠢᠨ | ᠪᠤᠳᠤᠯᠢᠶᠠᠨᠲᠠᠶ ᠣᠯᠠᠨ ᠤᠯᠤᠰ ᠤᠨ ᠣᠷᠴᠢᠨ ᠤ ᠠᠪᠴᠢᠷᠠᠭᠰᠠᠨ ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ ᠢ | ᠭᠦᠨᠵᠡᠭᠡᠶ ᠲᠠᠨᠢᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ | ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠪᠠᠶᠢᠭ᠎ᠠ ᠦᠨᠳᠦᠰᠦᠨ ᠤᠯᠤᠰ ᠤᠨ ᠪᠠᠶᠢᠳᠠᠯ ᠳᠤ ᠰᠠᠭᠤᠷᠢᠯᠠᠵᠤ᠂ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ | ᠬᠥᠭᠵᠢᠯᠲᠡ ᠶᠢᠨ ᠵᠢᠮ᠎ᠡ ᠶᠣᠰᠣ ᠶᠢ ᠲᠠᠨᠢᠵᠤ ᠡᠵᠡᠮᠰᠢᠨ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ | ᠬᠤᠷᠢᠭ᠎ᠠ ᠱᠤᠭᠤᠮ ᠤᠨ ᠰᠡᠳᠬᠢᠬᠦᠶ ᠶᠢ ᠪᠤᠢ ᠪᠣᠯᠭᠠᠨ᠂ ᠬᠤᠪᠢᠷᠠᠯᠲᠠ ᠶᠢ ᠵᠥᠪ ᠣᠨᠣᠪᠴᠢᠲᠠᠢ ᠲᠠᠨᠢᠵᠤ᠂ ᠰᠢᠨᠵᠢᠯᠡᠬᠦ | ᠤᠬᠠᠭᠠᠨᠴᠢ ᠪᠠᠷ ᠠᠷᠭᠠᠴᠠᠭᠠᠨ᠂ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠤ᠂ ᠳᠦᠭᠰᠢᠬᠦᠷᠢ ᠶᠢᠨ ᠳᠤᠮᠳᠠ ᠠᠵᠠ | ᠲᠣᠬᠢᠶᠠᠯ ᠢ ᠡᠭᠦᠳᠬᠦ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠬᠦ ᠳᠡᠭᠡᠨ ᠴᠢᠳᠠᠮᠠᠭᠠᠢ ᠪᠠᠶᠢᠵᠥ᠂ ᠠᠵᠠ | ᠲᠣᠬᠢᠶᠠᠯ ᠢ ᠠᠳᠬᠤᠵᠤ᠂ ᠥᠷᠢᠰᠥᠯᠳᠦᠭᠡᠨ ᠢ ᠠᠷᠭᠠᠴᠠᠭᠠᠨ᠂ ᠬᠤᠣᠷ ᠬᠥᠨᠥᠭᠡᠯ ᠠᠴᠠ ᠵᠠᠶᠢᠯᠠᠵᠤ᠂ ᠡᠷᠡᠯᠬᠡᠭᠯᠡᠨ | ᠤᠷᠤᠭᠰᠢᠯᠠᠬᠤ ᠬᠡᠷᠡᠭᠳᠡᠢ ᠭᠡᠵᠦ ᠦᠵᠡᠪᠡ᠃ | ᠪᠥᠬᠦᠳᠡ ᠬᠤᠷᠠᠯ ᠠᠴᠠ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠠᠯᠤᠰ ᠤᠨ | ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠠ ᠭᠡᠵᠦ ᠳᠤᠷᠠᠳᠪᠠ᠂ ᠳᠠᠷᠤᠶ᠄ ᠮᠠᠨ ᠤ ᠤᠯᠤᠰ ᠤᠨ ᠠᠵᠤ | ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ | ᠶᠡᠷᠦᠩᠬᠡᠢ ᠬᠦᠴᠦᠨ ᠶᠡᠭᠡ ᠪᠠᠷ ᠳᠡᠭᠡᠭᠰᠢᠯᠡᠵᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠣᠯᠤᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠳᠠᠬᠢᠨᠳᠠ ᠰᠢᠨ᠎ᠡ ᠶᠡᠭᠡ ᠳᠡᠭᠲᠡᠷ ᠲᠤ | ᠭᠠᠷᠴᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠳᠤ ᠴᠢᠬᠤᠯᠠ ᠶᠡᠭᠡ ᠰᠢᠪᠲᠤᠯᠤᠯᠲᠠ ᠲᠠᠢ ᠪᠤᠯᠵᠤ᠂ ᠰᠢᠨ᠎ᠡ ᠶᠢ | ᠡᠭᠦᠳᠬᠦ ᠬᠡᠯᠪᠡᠷᠢ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠨ᠎ᠠ︔ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ᠂ ᠮᠡᠳᠡᠭᠡ ᠵᠠᠩᠭᠢᠴᠢᠯᠠᠯᠳᠠ᠂ ᠬᠤᠳᠠ ᠪᠠᠯᠭᠠᠰᠤᠵᠢᠯᠳᠠ᠂ ᠬᠦᠳᠡᠭᠡ ᠠᠵᠤ ᠠᠬᠤᠢ ᠶᠢᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ | ᠪᠠᠶᠢᠭᠤᠯᠤᠨ᠎ᠠ︔ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠵᠦ᠂ ᠠᠷᠠᠳ ᠲᠦᠮᠡᠨ ᠤ ᠡᠷᠬᠡ ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ | ᠬᠥᠭᠵᠢᠬᠦ ᠡᠷᠬᠡ ᠶᠢ ᠭᠦᠢᠴᠡᠳ ᠪᠠᠲᠤᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ | ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠠ︔ ᠰᠣᠶᠣᠯ ᠤᠨ ᠬᠦᠴᠦᠷᠬᠡᠭ ᠤᠯᠤᠰ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ | ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠵᠤ᠂ ᠤᠯᠤᠰ ᠠᠷᠠᠳ ᠤᠨ ᠬᠡᠪ ᠪᠤᠯᠪᠠᠰᠤᠷᠠᠯ ᠪᠠ | ᠨᠡᠶᠢᠭᠡᠮ ᠤᠨ ᠪᠣᠯᠪᠠᠰᠤᠨ ᠤ ᠬᠡᠮᠵᠢᠶ᠎ᠡ ᠰᠢᠨ᠎ᠡ ᠦᠨᠳᠦᠷᠴᠡ ᠳᠤ ᠬᠦᠷᠴᠤ᠂ ᠤᠯᠤᠰ ᠤᠨ ᠰᠣᠶᠣᠯ ᠤᠨ ᠵᠥᠭᠡᠯᠡᠨ | ᠪᠣᠳᠠᠲᠤ ᠬᠦᠴᠦᠨ ᠢ ᠢᠯᠡᠳᠲᠡ ᠴᠢᠩᠭᠠᠷᠠᠭᠤᠯᠤᠨ᠎ᠠ︔ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠬᠡᠯᠪᠡᠷᠢ ᠶᠢ ᠥᠷᠭᠡᠨ ᠢᠶᠠᠷ ᠪᠤᠢ ᠪᠤᠯᠭᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ | ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠲᠣᠭᠲᠠᠭᠤᠨ ᠢᠶᠠᠷ ᠪᠠᠭᠤᠷᠠᠭᠤᠯᠵᠤ᠂ ᠠᠮᠢ ᠠᠬᠤᠢ ᠣᠷᠴᠢᠨ ᠲᠣᠭᠤᠷᠢᠨ | ᠦᠨᠳᠦᠰᠦᠨ ᠠᠴᠠ ᠪᠠᠨ ᠰᠠᠶᠢᠵᠢᠷᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ | ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠠ︔ ᠭᠠᠳᠠᠭᠠᠳᠤ ᠨᠡᠭᠡᠭᠡᠯᠳᠡ ᠶᠢᠨ ᠰᠢᠨ᠎ᠡ ᠪᠠᠶᠢᠷᠢᠰᠢᠯ ᠢ ᠪᠤᠢ | ᠪᠣᠯᠭᠠᠵᠤ᠂ ᠤᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ ᠪᠠ ᠥᠷᠢᠰᠥᠯᠳᠦᠭᠡᠨ ᠳᠤ ᠣᠷᠣᠯᠴᠠᠬᠤ ᠰᠢᠨ᠎ᠡ | ᠳᠠᠪᠠᠭᠤᠯᠢᠭ ᠢᠯᠡᠳᠲᠡ ᠴᠢᠩᠭᠠᠷᠠᠨ᠎ᠠ︔ ᠬᠥᠮᠦᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠳᠤᠮᠳᠠ ᠵᠡᠷᠭᠡ ᠶᠢᠨ ᠬᠥᠭᠵᠢᠭᠰᠡᠨ ᠤᠯᠤᠰ ᠤᠨ ᠬᠢᠷᠢ ᠬᠡᠮᠵᠢᠶ᠎ᠡ ᠳᠤ | ᠬᠦᠷᠴᠤ᠂ ᠳᠤᠮᠳᠠ ᠵᠡᠷᠭᠡ ᠶᠢᠨ ᠣᠷᠣᠯᠭ᠎ᠠ ᠲᠠᠢ ᠬᠦᠮᠦᠰ ᠢᠯᠡᠳᠲᠡ ᠤᠯᠠᠰᠢᠷᠠᠵᠤ᠂ ᠦᠨᠳᠦᠰᠦᠨ ᠤᠯᠠᠨ | ᠨᠡᠶᠢᠲᠡ ᠶᠢᠨ ᠦᠢᠯᠡᠴᠢᠯᠡᠭᠡ ᠲᠡᠩᠴᠡᠭᠦᠷᠢᠳᠠᠢ ᠪᠤᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ | ᠵᠥᠷᠢᠶ᠎ᠡ ᠪᠠ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠵᠥᠷᠢᠶ᠎ᠡ ᠢᠯᠡᠳᠳᠡ ᠪᠠᠭᠠᠰᠤᠨ᠎ᠠ︔ ᠠᠮᠤᠷ | ᠠᠮᠤᠭᠤᠯᠠᠩ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠨᠡᠩ ᠥᠨᠳᠥᠷ ᠲᠦᠪᠰᠢᠨ ᠳᠤ ᠬᠦᠷᠴᠦ᠂ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠦᠨ᠎ᠡ︔ ᠠᠷᠠᠳ ᠤᠨ ᠠᠮᠢᠳᠤᠷᠠᠯ ᠨᠡᠩ ᠰᠠᠶᠢᠨ ᠰᠠᠶᠢᠬᠠᠨ ᠪᠤᠯᠵᠤ᠂ ᠬᠥᠮᠦᠨ ᠤ ᠪᠦᠬᠦ ᠲᠠᠯ᠎ᠠ ᠶᠢᠨ | ᠬᠥᠭᠵᠢᠯᠲᠡ᠂ ᠪᠦᠬᠦ ᠠᠷᠠᠳ ᠲᠦᠮᠡᠨ ᠬᠠᠮᠲᠤ ᠪᠠᠷ ᠴᠢᠨᠡᠭᠡᠯᠢᠭᠵᠢᠬᠦ ᠶᠠᠪᠤᠳᠠᠯ ᠨᠡᠩ ᠢᠯᠡᠷᠬᠡᠶ ᠮᠥᠨ ᠴᠢᠨᠠᠷ ᠤᠨ | ᠠᠬᠢᠴᠠ ᠲᠠᠢ ᠪᠣᠯᠤᠨ᠎ᠠ᠃ | ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ ᠪᠠ ᠡᠷᠬᠡᠪᠰᠢ ᠵᠢᠷᠤᠮᠯᠠᠬᠤ ᠵᠠᠷᠴᠢᠮ ᠢ ᠳᠤᠷᠠᠳᠴᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ | ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ | ᠣᠨᠣᠯ᠂ ᠦᠨᠳᠦᠰᠦᠨ ᠱᠤᠭᠤᠮ᠂ ᠦᠨᠳᠦᠰᠦᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠵᠤ | ᠠᠬᠤᠶ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ | ᠨᠡᠶᠢᠭᠡᠮ ᠤᠨ ᠪᠦᠲᠦᠭᠡᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠶ | ᠪᠠᠶᠢᠷᠢᠰᠢᠭᠤᠯᠤᠯᠳᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠡᠶᠢᠭᠡᠮ ᠵᠢᠷᠦᠮᠳᠤ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ | ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠳᠠ ᠶᠢ ᠵᠣᠬᠢᠴᠠᠩᠭᠤᠢ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠶ᠂ | ᠪᠣᠬᠢᠷᠲᠤᠯ ᠦᠭᠡᠢ᠂ ᠨᠡᠭᠡᠭᠡᠯᠳᠡᠳᠤ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ | ᠭᠤᠶᠢᠪᠢᠰᠢ ᠦᠭᠡᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ | ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ | ᠦᠨᠳᠦᠰᠦᠨ ᠬᠠᠷᠠᠯᠳᠠ ᠪᠣᠯᠭᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ | ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠱᠠᠯᠠᠪᠳᠠᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ | ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ | ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠱᠠᠯᠠᠪᠳᠠᠨ ᠪᠠᠶᠢᠭᠤᠯᠵᠤ᠂ ᠤᠯᠤᠰ ᠤᠨ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ᠠᠵᠤ | ᠠᠬᠤᠶ ᠶᠢᠨ ᠯᠠᠪᠳᠠᠭᠤᠨ ᠢᠶᠠᠷ ᠬᠤᠯᠠ ᠠᠶᠠᠯᠠᠬᠤ᠂ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠩᠭᠤᠢ ᠪᠠᠶᠢᠬᠤ ᠶᠢ | ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ | ᠰᠠᠶᠢᠳᠦᠷ ᠡᠬᠢᠯᠡᠭᠦᠯᠵᠦ᠂ ᠡᠬᠢᠨ ᠤ ᠠᠯᠬᠤᠭ᠎ᠠ ᠪᠠᠨ ᠰᠠᠶᠢᠳᠤᠷ ᠠᠯᠬᠤᠬᠤ ᠬᠡᠷᠡᠭᠳᠠᠢ᠃ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠤᠳᠤᠷᠢᠳᠬᠤ | ᠪᠠᠶᠢᠭᠤᠯᠤᠮᠵᠢ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠳᠠᠪᠤᠷᠢ ᠪᠠ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ ᠪᠠᠲᠤᠯᠠᠭ᠎ᠠ ᠬᠠᠩᠭᠠᠬᠤ | ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ | ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃ | ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠳᠤᠷᠠᠳᠴᠠᠢ᠂ ᠳᠠᠷᠤᠶ᠄ ᠠᠵᠤ ᠠᠬᠤᠶ ᠶᠢᠨ ᠬᠥᠭᠵᠢᠯᠲᠡ | ᠰᠢᠨ᠎ᠡ ᠠᠮᠵᠢᠯᠲᠠ ᠪᠦᠲᠦᠮᠵᠢ ᠣᠯᠵᠤ᠂ ᠶᠠᠰᠤ ᠴᠢᠨᠠᠷ ᠪᠠ ᠦᠷ᠎ᠡ ᠠᠰᠢᠭ ᠢᠯᠡᠳᠲᠡ ᠳᠡᠭᠡᠭᠰᠢᠯᠡᠭᠰᠡᠨ ᠰᠠᠭᠤᠷᠢᠨ | ᠳᠡᠭᠡᠷ᠎ᠡ ᠠᠵᠤ ᠠᠬᠤᠶ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠵᠤ᠂ ᠨᠡᠮᠡᠭᠳᠡᠯ ᠤᠨ ᠳᠠᠯᠳᠠ ᠬᠦᠴᠦᠨ ᠢ | ᠭᠦᠢᠴᠡᠳ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠨᠡᠩ ᠬᠦᠴᠦᠷᠬᠡᠭᠵᠢᠨ᠂ ᠠᠵᠤ | ᠠᠬᠤᠶ ᠶᠢᠨ ᠪᠦᠲᠦᠴᠡ ᠨᠡᠩ ᠰᠢᠯᠢᠳᠡᠭᠵᠢᠵᠤ᠂ ᠰᠢᠨ᠎ᠡ ᠶᠢ ᠡᠭᠦᠳᠬᠦ ᠴᠢᠳᠠᠪᠤᠷᠢ ᠢᠯᠡᠳᠲᠡ ᠳᠡᠭᠡᠭᠰᠢᠯᠡᠵᠦ᠂ ᠠᠵᠤ | ᠦᠢᠯᠡᠰ ᠤᠨ ᠰᠠᠭᠤᠷᠢ ᠶᠢᠨ ᠳᠡᠭᠡᠳᠤ ᠳᠡᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ | ᠲᠦᠪᠰᠢᠨ ᠢᠯᠡᠳᠲᠡ ᠳᠡᠭᠡᠭᠰᠢᠯᠡᠨ᠂ ᠬᠦᠳᠡᠭᠡ ᠠᠵᠤ ᠠᠬᠤᠢ ᠶᠢᠨ ᠰᠠᠭᠤᠷᠢ ᠨᠡᠩ ᠪᠠᠲᠤ ᠪᠠᠬᠢ ᠪᠤᠯᠵᠤ᠂ ᠬᠤᠳᠠ | ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠩᠭᠤᠶ ᠴᠢᠨᠠᠷ ᠢᠯᠡᠳᠲᠡ ᠴᠢᠩᠭᠠᠷᠠᠵᠤ᠂ ᠣᠳᠣᠬᠢᠴᠢᠯᠠᠭᠰᠠᠨ | ᠠᠵᠤ ᠠᠬᠤᠶ ᠶᠢᠨ ᠰᠢᠰᠲ᠋ᠧᠮ ᠤᠨ ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠣᠯᠤᠨ᠎ᠠ︔ ᠥᠭᠡᠷᠡᠴᠢᠯᠡᠯᠲᠡ | ᠨᠡᠭᠡᠭᠡᠯᠲᠡ ᠰᠢᠨ᠎ᠡ ᠠᠬᠢᠴᠠ ᠲᠠᠢ ᠪᠤᠯᠵᠤ᠂ ᠨᠡᠶᠢᠭᠡᠮ ᠵᠢᠷᠦᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠤᠯᠠᠮ ᠲᠡᠭᠦᠯᠳᠡᠷᠵᠢᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠨᠡᠩ ᠠᠮᠢᠵᠢᠷᠠᠯ ᠤᠨ ᠬᠦᠴᠦᠨ ᠲᠠᠢ | ᠪᠤᠯᠵᠤ᠂ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠪᠣᠯᠤᠨ ᠴᠢᠬᠤᠯᠠ ᠡᠯᠧᠮᠧᠨ᠋ᠲ ᠢ ᠵᠠᠬ᠎ᠠ | ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠴᠢᠬᠤᠯᠠ ᠶᠡᠭᠡ ᠠᠬᠢᠴᠠ ᠲᠠᠢ ᠪᠣᠯᠵᠤ᠂ ᠡᠷᠬᠡ ᠲᠡᠭᠰᠢ ᠪᠠᠷ | ᠥᠷᠢᠰᠦᠯᠳᠦᠬᠦ ᠳᠦᠷᠢᠮ ᠨᠠᠩ ᠲᠡᠭᠦᠯᠳᠡᠷᠵᠢᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ | ᠠᠬᠤᠶ ᠶᠢᠨ ᠰᠢᠨ᠎ᠡ ᠪᠠᠶᠢᠭᠤᠯᠤᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠠ︔ ᠨᠡᠶᠢᠭᠡᠮ ᠤᠨ ᠪᠣᠯᠪᠠᠰᠤᠨ ᠤ | ᠬᠡᠮᠵᠢᠶ᠎ᠡ ᠰᠢᠨ᠎ᠡ ᠳᠡᠭᠡᠭᠰᠢᠯᠡᠯᠲᠡ ᠲᠠᠢ ᠪᠣᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ | ᠬᠥᠮᠦᠰ ᠤᠨ ᠰᠡᠳᠬᠢᠯ ᠳᠤ ᠭᠦᠨ ᠬᠠᠳᠠᠩᠰᠢᠵᠤ᠂ ᠠᠷᠠᠳ ᠲᠦᠮᠡᠨ ᠤ ᠦᠵᠡᠯ ᠰᠠᠨᠠᠭ᠎ᠠ ᠶᠣᠰᠣ ᠰᠤᠷᠳᠠᠬᠤᠨ ᠤ ᠬᠡᠪ | ᠪᠤᠯᠪᠠᠰᠤᠷᠠᠯ᠂ ᠰᠢᠨᠵᠢᠯᠡᠬᠦ ᠤᠬᠠᠭᠠᠨ ᠰᠣᠶᠣᠯ ᠤᠨ ᠬᠡᠪ ᠪᠤᠯᠪᠠᠰᠤᠷᠠᠯ ᠪᠣᠯᠤᠨ ᠪᠡᠶ᠎ᠡ ᠰᠡᠳᠬᠢᠯ ᠤᠨ ᠡᠷᠡᠭᠦᠯ | ᠮᠡᠨᠳᠦ ᠶᠢᠨ ᠬᠡᠪ ᠪᠤᠯᠪᠠᠰᠤᠷᠠᠯ ᠢᠯᠡᠳᠲᠡ ᠳᠡᠭᠡᠭᠰᠢᠯᠡᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮ ᠪᠣᠯᠤᠨ ᠰᠣᠶᠣᠯ ᠤᠨ ᠠᠵᠤ ᠦᠢᠯᠡᠰ ᠤᠨ ᠰᠢᠰᠲ᠋ᠧᠮ ᠨᠡᠩ ᠲᠡᠭᠦᠯᠳᠡᠷᠵᠢᠨ᠂ ᠠᠷᠠᠳ ᠲᠦᠮᠡᠨ ᠤ ᠤᠶᠤᠨ | ᠤᠬᠠᠭᠠᠨ ᠰᠣᠶᠣᠯ ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭᠵᠢᠵᠤ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ | ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ | ᠤᠯᠠᠮ ᠨᠢᠭᠡ ᠠᠯᠬᠤᠮ ᠴᠢᠩᠭᠠᠷᠠᠭᠤᠯᠤᠨ᠎ᠠ︔ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ | ᠳᠠᠪᠰᠢᠯᠲᠠ ᠲᠠᠢ ᠪᠣᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ | ᠪᠠᠶᠢᠷᠢᠰᠢᠯ ᠰᠢᠯᠢᠳᠡᠭᠵᠢᠵᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠣᠬᠢᠷᠲᠤᠯ ᠦᠭᠡᠶ ᠪᠤᠯᠭᠠᠨ | ᠬᠤᠪᠢᠷᠠᠭᠤᠯᠬᠤ ᠠᠵᠢᠯ ᠢᠯᠡᠳᠲᠡ ᠦᠷ᠎ᠠ ᠪᠦᠲᠦᠮᠵᠢ ᠣᠯᠵᠤ᠂ ᠡᠨᠧᠷᠭᠢ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠨᠡᠩ ᠵᠦᠶ ᠵᠣᠬᠢᠰᠲᠠᠶ ᠪᠣᠯᠭᠠᠵᠤ᠂ ᠠᠰᠢᠡᠡᠯᠠᠯᠳᠠ ᠶᠢᠨ ᠦᠷ᠎ᠡ ᠪᠦᠲᠦᠮᠵᠢ ᠶᠢ ᠶᠡᠭᠡ ᠪᠠᠷ | ᠳᠡᠭᠡᠭᠰᠢᠯᠡᠭᠦᠯᠵᠤ᠂ ᠭᠤᠤᠯ ᠪᠣᠯᠬᠤ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠦᠷᠭᠦᠯᠵᠢᠯᠡᠨ | ᠪᠠᠭᠠᠰᠴᠤ᠂ ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠨᠠᠩ ᠪᠠᠲᠤ ᠪᠠᠬᠢ ᠪᠣᠯᠭᠠᠵᠤ᠂ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ | ᠨᠥᠬᠦᠴᠡᠯ ᠢ ᠢᠯᠡᠳᠲᠡ ᠰᠠᠶᠢᠵᠢᠷᠠᠭᠤᠯᠤᠨ᠎ᠠ︔ ᠠᠷᠠᠳ ᠤᠨ ᠠᠵᠠ ᠵᠢᠷᠭᠠᠯ ᠰᠢᠨ᠎ᠡ ᠲᠦᠪᠰᠢᠨ ᠳᠤ ᠬᠦᠷᠴᠤ᠂ ᠨᠡᠩ | ᠭᠦᠢᠴᠡᠳ ᠨᠡᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠵᠤ᠂ ᠠᠷᠠᠳ ᠤᠨ ᠣᠷᠣᠯᠭ᠎ᠠ ᠶᠢᠨ ᠨᠡᠮᠡᠭᠳᠡᠯ | ᠪᠣᠯᠤᠨ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠠᠯᠬᠤᠭ᠎ᠠ ᠨᠢᠭᠡᠳᠠᠢ ᠪᠤᠯᠭᠠᠵᠤ᠂ ᠬᠤᠪᠢᠶᠠᠷᠢᠯᠠᠯᠲᠠ ᠶᠢᠨ | ᠪᠦᠲᠦᠴᠡ ᠢᠯᠡᠳᠲᠡ ᠰᠠᠶᠢᠵᠢᠷᠠᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠡᠩᠴᠡᠭᠦᠷᠢ ᠲᠠᠢ | ᠲᠦᠪᠰᠢᠨ ᠢᠯᠡᠳᠲᠡ ᠳᠡᠭᠡᠭᠰᠢᠯᠡᠵᠤ᠂ ᠪᠦᠬᠦ ᠠᠷᠠᠳ ᠤᠨ ᠰᠤᠷᠭᠠᠨ ᠬᠥᠮᠦᠵᠢᠯ ᠬᠦᠷᠲᠡᠬᠦ ᠬᠡᠮᠵᠢᠶ᠎ᠡ ᠲᠠᠰᠤᠷᠠᠯᠲᠠ | ᠦᠭᠡᠢ ᠳᠡᠭᠡᠭᠰᠢᠯᠡᠵᠦ᠂ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠨᠠᠩ ᠪᠦᠷᠢᠨᠰᠢᠵᠤ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠨᠠᠩ ᠲᠡᠭᠦᠯᠳᠡᠷᠵᠢᠨ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠪᠠᠬᠢᠵᠢᠨ ᠦᠷᠭᠡᠵᠢᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠤᠨ᠎ᠠ︔ ᠤᠯᠤᠰ ᠤᠨ ᠵᠠᠰᠠᠯᠲᠠ ᠶᠢᠨ ᠦᠷ᠎ᠡ | ᠪᠦᠲᠦᠮᠵᠢ ᠰᠢᠨ᠎ᠡ ᠳᠡᠭᠡᠭᠰᠢᠯᠡᠯᠲᠡ ᠲᠠᠢ ᠪᠣᠯᠵᠤ᠂ ᠨᠡᠶᠢᠭᠡᠮ ᠵᠢᠷᠤᠮ ᠤᠨ ᠠᠷᠠᠳᠴᠢᠯᠠᠭᠰᠠᠨ ᠬᠠᠤᠯᠢᠵᠢᠯ ᠨᠠᠩ | ᠪᠦᠷᠢᠨᠰᠢᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠤᠯᠠᠮ ᠴᠢᠨᠠᠭᠰᠢᠳᠠ ᠢᠯᠡᠷᠡᠭᠦᠯᠵᠦ᠂ | ᠤᠯᠤᠰ ᠤᠨ ᠵᠠᠰᠠᠭ ᠵᠠᠬᠢᠷᠭᠠᠨ ᠤ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠦᠢᠯᠡᠳᠦᠯ ᠢ | ᠨᠠᠩ ᠰᠠᠶᠢᠨ ᠪᠠᠳᠠᠷᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠣᠯᠤᠨ ᠨᠡᠶᠢᠳᠡ ᠳᠤ ᠢᠲᠡᠭᠡᠭᠦᠯᠬᠦ ᠬᠦᠴᠦᠨ ᠢ | ᠢᠯᠡᠳᠲᠡ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠣᠨᠴᠠᠭᠠᠶᠢᠯᠠᠨ ᠦᠨᠳᠦᠰᠦᠨ ᠱᠠᠲᠤᠨ ᠤ ᠵᠠᠰᠠᠯᠲᠠ ᠶᠢᠨ | ᠲᠦᠪᠰᠢᠨ ᠢᠯᠡᠳᠲᠡ ᠳᠡᠭᠡᠭᠰᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠪᠠᠶᠢᠭᠤᠯᠤᠮᠵᠢ ᠲᠣᠭᠲᠠᠴᠠ ᠲᠠᠰᠤᠷᠠᠯᠲᠠ ᠤᠢᠭᠡᠢ ᠲᠡᠭᠦᠯᠳᠡᠷᠵᠢᠵᠤ᠂ ᠭᠡᠨᠡᠳᠲᠡ ᠪᠠᠷ ᠡᠭᠦᠰᠬᠦ ᠣᠯᠠᠨ ᠨᠡᠶᠢᠲᠡ ᠶᠢᠨ | ᠬᠡᠷᠡᠭ ᠢ ᠠᠷᠭᠠᠴᠠᠭᠠᠬᠤ ᠴᠢᠳᠠᠪᠤᠷᠢ ᠢᠯᠡᠳᠲᠡ ᠴᠢᠩᠭᠠᠷᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠲᠦᠪᠰᠢᠨ | ᠢᠯᠡᠳᠲᠡ ᠳᠡᠭᠡᠭᠰᠢᠯᠡᠵᠤ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠨᠡᠩ ᠬᠦᠴᠦᠲᠡᠶ ᠪᠤᠯᠵᠤ᠂ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠴᠢᠬᠤᠯᠠ ᠶᠡᠭᠡ ᠠᠯᠬᠤᠮ ᠢ | ᠠᠯᠬᠤᠨ᠎ᠠ ᠭᠡᠪᠡ᠃ | ᠪᠥᠬᠦᠳᠡ ᠬᠤᠷᠠᠯ ᠠᠴᠠ᠂ ᠰᠢᠨ᠎ᠡ ᠶᠢ ᠡᠭᠦᠳᠬᠦ ᠶᠢᠨ ᠮᠠᠨ ᠤ ᠤᠯᠤᠰ ᠤᠨ ᠣᠳᠣᠬᠢᠴᠢᠯᠠᠯᠳᠠ ᠶᠢᠨ ᠪᠦᠲᠦᠭᠡᠨ | ᠪᠠᠶᠢᠭᠤᠯᠤᠯᠲᠠ ᠶᠢᠨ ᠪᠦᠬᠦ ᠲᠠᠯ᠎ᠠ ᠳᠠᠬᠢ ᠭᠤᠤᠯᠯᠠᠬᠤ ᠪᠠᠶᠢᠷᠢ ᠰᠠᠭᠤᠷᠢ ᠶᠢ ᠪᠠᠷᠢᠮᠲᠠᠯᠠᠨ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠳᠤ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠲᠤᠯᠭᠠᠭᠤᠷᠢᠯᠠᠯ ᠪᠣᠯᠭᠠᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠦᠨ᠎ᠠ | ᠡᠩᠨᠡᠭᠡᠨ ᠳᠤ ᠬᠠᠨᠳᠤᠭᠤᠯᠵᠤ᠂ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ ᠬᠠᠨᠳᠤᠭᠤᠯᠵᠤ᠂ ᠤᠯᠤᠰ ᠤᠨ | ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠵᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ | ᠬᠠᠨᠳᠤᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ | ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ | ᠡᠭᠦᠳᠬᠦ ᠪᠠᠷ ᠬᠦᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ | ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠬᠡᠷᠡᠭᠳᠠᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠨ᠂ ᠠᠵᠤ ᠠᠬᠤᠶᠢᠯᠠᠯ ᠤᠨ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠳᠠᠢ ᠭᠡᠵᠤ ᠳᠤᠷᠠᠳᠪᠠ᠃ | ᠪᠥᠬᠦᠳᠡ ᠬᠤᠷᠠᠯ ᠠᠴᠠ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠬᠥᠭᠵᠢᠭᠦᠯᠵᠦ᠂ | ᠠᠵᠤ ᠠᠬᠤᠶ ᠶᠢᠨ ᠰᠢᠰᠲ᠋ᠧᠮ ᠤᠨ ᠰᠢᠯᠢᠳᠡᠭᠵᠢᠨ ᠲᠡᠰ ᠳᠡᠪᠰᠢᠬᠦ ᠶᠢ ᠠᠬᠢᠭᠤᠯᠬᠤ ᠬᠡᠷᠡᠭᠳᠠᠢ᠃ ᠠᠵᠤ ᠠᠬᠤᠶ ᠪᠠᠨ | ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠶ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ | ᠦᠢᠯᠡᠳᠬᠦ ᠦᠢᠯᠡᠰ ᠤᠨ ᠬᠦᠴᠦᠷᠬᠡᠭ ᠤᠯᠤᠰ᠂ ᠶᠠᠰᠤ ᠴᠢᠨᠠᠷ ᠤᠨ ᠬᠦᠴᠦᠷᠬᠡᠭ ᠤᠯᠤᠰ᠂ ᠰᠦᠯᠵᠢᠶᠡᠨ ᠤ | ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠢ ᠡᠷᠡᠰ ᠭᠤᠶᠢᠪᠢᠰᠢ ᠦᠭᠡᠶ ᠪᠦᠲᠦᠭᠡᠨ ᠪᠠᠶᠢᠭᠤᠯᠵᠤ᠂ | ᠠᠵᠤ ᠦᠢᠯᠡᠰ ᠤᠨ ᠰᠠᠭᠤᠷᠢ ᠶᠢᠨ ᠳᠡᠭᠡᠳᠤ ᠳᠡᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ | ᠠᠬᠢᠭᠤᠯᠵᠤ᠂ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠪᠠ ᠭᠤᠤᠯᠯᠠᠭᠴᠢ ᠥᠷᠢᠰᠥᠯᠳᠦᠬᠦ ᠬᠦᠴᠦᠨ ᠢ | ᠳᠡᠭᠡᠭᠰᠢᠯᠡᠭᠦᠯᠬᠦ ᠬᠡᠷᠡᠭᠳᠠᠢ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠬᠥᠭᠵᠢᠭᠦᠯᠵᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠲᠦᠷᠭᠡᠳᠭᠡᠵᠦ᠂ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠭᠦᠯᠦᠨ ᠠᠬᠢᠭᠤᠯᠵᠤ᠂ ᠵᠠᠮ | ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠡᠨᠧᠷᠭᠢ ᠶᠢᠨ | ᠬᠤᠪᠢᠰᠬᠠᠯ ᠢ ᠠᠬᠢᠭᠤᠯᠵᠤ᠂ ᠲᠤᠭᠠᠴᠢᠯᠠᠭᠰᠠᠨ ᠬᠥᠭᠵᠢᠯᠲᠡ ᠶᠢ ᠲᠦᠷᠭᠡᠳᠭᠡᠬᠦ ᠬᠡᠷᠡᠭᠳᠠᠢ ᠭᠡᠵᠤ ᠳᠤᠷᠠᠳᠴᠠᠢ᠃ |