10 ᠰᠠᠷ᠎ᠠ ᠶᠢᠨ 6 ᠤ ᠦᠳᠡ ᠶᠢᠨ ᠡᠮᠦᠨ᠎ᠠ᠂ 2020 ᠤᠨ ᠤ ᠪᠦᠬᠦ ᠤᠷᠤᠨ ᠤ ︽ᠭᠡᠷᠡᠯ ᠭᠡᠭᠡ ᠶᠢᠨ | ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠠᠯᠠᠱᠠ ᠠᠶᠢᠮᠠᠬ ᠤᠨ ᠡᠵᠡᠨ᠎ᠠ ᠬᠤᠰᠢᠭᠤᠨ ᠳᠤ | ᠶᠠᠪᠤᠭᠳᠠᠪᠠ᠃ | | | | ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠠ ᠬᠦᠨᠳᠦᠳᠦ ᠳᠠᠷᠤᠭ᠎ᠠ᠂ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ | ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ | ᠭᠡᠰᠢᠬᠦᠨ ᠪᠦ᠋ ᠰᠢᠶᠤᠤ ᠯᠢᠨ ᠠᠵᠢᠯᠯᠠᠭ᠎ᠠ ᠳᠤ ᠤᠷᠤᠯᠴᠠᠵᠦ᠂ ᠠᠰᠢᠬ ᠬᠦᠷᠳᠡᠵᠦ ᠮᠡᠰᠡ ᠵᠠᠰᠠᠯ ᠬᠢᠯᠭᠡᠭᠰᠡᠨ ᠴᠠᠭᠠᠨ | ᠬᠠᠷᠠᠩ ᠡᠪᠡᠳᠴᠢᠳᠡᠨ ᠳᠤ ᠲᠤᠬᠤᠨᠢᠭᠤᠯᠬᠤ ᠡᠳ᠋ ᠪᠤᠳᠠᠰ ᠬᠦᠷᠭᠡᠬᠦ ᠶᠢᠨ ᠬᠠᠮᠳᠦ ᠡᠵᠡᠨ᠎ᠠ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶᠠᠨ ᠤ ᠡᠪᠡᠳᠴᠢᠳᠡᠨ ᠤ ᠦᠷᠦᠭᠡ ᠪᠠᠷ ᠬᠦᠷᠴᠦ᠂ ᠰᠦᠢᠳᠭᠡᠯ ᠬᠤᠷᠢᠶᠠᠬᠤ ᠦᠭᠡᠢ ᠪᠠᠷ ᠬᠠᠷᠠᠭ᠎ᠠ | ᠤᠷᠤᠭᠤᠯᠬᠤ ᠮᠡᠰᠡ ᠵᠠᠰᠠᠯ ᠬᠢᠯᠭᠡᠭᠰᠡᠨ ᠡᠪᠡᠳᠴᠢᠳᠡᠨ ᠢ ᠪᠤᠯᠭᠤᠭᠠᠨ ᠦᠵᠡᠵᠦ᠂ ᠮᠡᠰᠡ ᠵᠠᠰᠠᠯ ᠤᠨ ᠳᠠᠷᠠᠭᠠᠬᠢ | ᠡᠷᠡᠬᠦᠯᠵᠢᠯ ᠤᠨ ᠪᠠᠶᠢᠳᠠᠯ ᠢ ᠨᠠᠷᠢᠨ ᠠᠰᠠᠭᠤᠵᠦ᠂ ᠳᠡᠳᠡᠨ ᠤ ᠲᠠᠬᠢᠨᠳᠠ ᠬᠠᠷᠠᠭ᠎ᠠ ᠤᠷᠤᠭᠰᠠᠨ ᠳᠤ ᠪᠠᠶᠠᠷ ᠬᠦᠷᠭᠡᠪᠡ᠃ | ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ | ᠪᠤᠯ ᠤᠯᠠᠨ ᠲᠦᠮᠡᠨ ᠤ ᠡᠷᠡᠬᠦᠯ ᠮᠡᠨᠳᠦ ᠶᠢ ᠬᠠᠯᠠᠮᠵᠢᠯᠠᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠳᠤ ᠬᠦᠴᠦ ᠨᠡᠮᠡᠷᠢᠯᠡᠨ᠂ ᠡᠷᠡᠬᠦᠯ ᠡᠩᠭᠡ ᠥᠪᠦᠷ ᠮᠤᠩᠭᠤᠯ ᠢ | ᠴᠤᠬᠴᠠᠯᠠᠬᠤ ᠠᠷᠠᠳ ᠲᠤ ᠠᠰᠢᠬ ᠬᠦᠷᠳᠡᠭᠡᠬᠦ ᠢᠨᠵᠧᠨᠧᠷᠢᠩ ᠮᠦᠨ᠂ 2015 ᠤᠨ ᠠᠴᠠ ᠡᠬᠢᠯᠡᠨ | ᠭᠡᠷᠡᠭᠵᠢᠬᠦᠯᠦᠭᠰᠡᠨ ᠠᠴᠠ ᠨᠠᠭᠠᠰᠢ᠂ ᠢᠮᠠᠬᠳᠠ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ᠪᠦᠬᠦ | ᠤᠷᠤᠨ ᠤ ᠬᠤᠳᠠ ᠬᠦᠳᠡᠭᠡ ᠶᠢᠨ ᠶᠠᠳᠠᠭᠤ ᠬᠦᠴᠢᠷᠳᠡᠯᠳᠠᠢ ᠭᠡᠷ ᠪᠦᠯᠢ ᠳᠤ ᠬᠠᠨᠳᠤᠭᠤᠯᠤᠨ ᠬᠦᠮᠦᠯᠢᠭ ᠦᠵᠡᠯ ᠤᠨ | ᠠᠪᠤᠷᠠᠨ ᠲᠤᠰᠠᠯᠠᠬᠤ ᠠᠵᠢᠯᠯᠠᠭ᠎ᠠ ᠦᠷᠨᠢᠬᠦᠯᠵᠡᠢ᠃ 2020 ᠤᠨ ᠤ 9 ᠰᠠᠷ᠎ᠠ ᠶᠢᠨ 30 ᠤ ᠡᠳᠦᠷ ᠪᠤᠯᠳᠠᠯ᠎ᠠ᠂ | ᠠᠵᠢᠯᠯᠠᠭ᠎ᠠ ᠨᠢ ᠨᠡᠶᠢᠳᠡ 78.53 ᠲᠦᠮᠡᠨ ᠬᠦᠮᠦᠨ ᠤᠳᠠᠭ᠎ᠠ ᠶᠢᠨ ᠨᠢᠳᠦᠨ ᠤ ᠡᠪᠡᠳᠴᠢᠳᠡᠨ ᠢ ᠰᠢᠭᠰᠢᠨ | ᠪᠠᠶᠢᠴᠠᠭᠠᠵᠦ᠂ ᠶᠠᠳᠠᠭᠤ ᠬᠦᠴᠢᠷᠳᠡᠯᠳᠠᠢ ᠭᠡᠷ ᠪᠦᠯᠢ ᠶᠢᠨ ᠴᠠᠭᠠᠨ ᠬᠠᠷᠠᠩ ᠡᠪᠡᠳᠴᠢᠨ ᠲᠠᠢ 29531 ᠬᠦᠮᠦᠨ ᠳᠤ | ᠰᠦᠢᠳᠭᠡᠯ ᠬᠤᠷᠢᠶᠠᠬᠤ ᠦᠭᠡᠢ ᠪᠠᠷ ᠬᠠᠷᠠᠭ᠎ᠠ ᠤᠷᠤᠭᠤᠯᠬᠤ ᠮᠡᠰᠡ ᠵᠠᠰᠠᠯ ᠬᠢᠵᠦ ᠦᠭᠴᠠᠢ᠂ ᠡᠬᠦᠨ ᠳᠤ 1882 | ᠬᠦᠮᠦᠨ ᠳᠤ ᠬᠤᠤᠰ ᠨᠢᠳᠤᠨ ᠤ ᠬᠠᠷᠠᠭ᠎ᠠ ᠤᠷᠤᠭᠤᠯᠬᠤ ᠮᠡᠰᠡ ᠵᠠᠰᠠᠯ ᠬᠢᠵᠦ᠂ ᠮᠡᠰᠡ ᠵᠠᠰᠠᠯ ᠤᠨ ᠠᠮᠵᠢᠯᠳᠠ | ᠤᠯᠤᠬᠰᠠᠨ ᠨᠤᠷᠮ᠎ᠠ ᠨᠢ 100% ᠳᠤ ᠬᠦᠷᠴᠦ᠂ ᠤᠯᠠᠨ ᠲᠦᠮᠡᠨ ᠤ ᠡᠷᠡᠬᠦᠯ ᠮᠡᠨᠳᠦ ᠶᠢ ᠬᠠᠯᠠᠮᠵᠢᠯᠠᠵᠦ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠳᠤ ᠰᠢᠢᠳᠪᠤᠷᠢᠳᠦ | ᠢᠯᠠᠯᠳᠠ ᠤᠯᠬᠤ ᠳᠤ ᠬᠦᠴᠦᠨ ᠴᠢᠳᠠᠯ ᠢᠶᠠᠨ ᠡᠷᠬᠦᠭᠰᠡᠨ ᠪᠠᠶᠢᠨ᠎ᠠ᠃ |