ᠰᠢ ᠶᠢᠨ ᠫᠢᠩ ᠨᠦᠬᠦᠷ ᠤᠨ ︽ᠨᠠᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠢ ᠦᠬᠦᠯᠡᠬᠦ ᠨᠢ︾ ᠬᠡᠬᠦ ᠨᠤᠮ ᠬᠡᠪᠯᠡᠭᠳᠡᠪᠡ
ᠨᠡᠶᠢᠲᠡᠯᠡᠭᠰᠡᠨ ᠴᠠᠭ᠄
2020/11/10
     ᠰᠢᠨᠬᠤᠸᠠ ᠬᠤᠷᠢᠶᠠᠨ ᠤ ᠪᠡᠬᠡᠵᠢᠩ ᠤᠨ 11 ᠰᠠᠷ᠎ᠠ ᠶᠢᠨ 9᠎ ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶᠠᠨ ᠤ ᠨᠠᠮ ᠤᠨ ᠲᠡᠤᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠠᠯᠠᠩ ᠠᠴᠠ ᠨᠠᠶᠢᠷᠠᠭᠤᠯᠤᠬᠰᠠᠨ ᠰᠢ ᠶᠢᠨ ᠫᠢᠩ ᠨᠦᠬᠦᠷ ᠤᠨ ︽ᠨᠠᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠢ ᠦᠬᠦᠯᠡᠬᠦ ᠨᠢ︾ ᠬᠡᠬᠦ ᠨᠤᠮ ᠢ ᠤᠢᠢᠷ᠎ᠠ ᠶᠢᠨ ᠡᠳᠤᠷ ᠲᠦᠪ ᠤᠨ ᠲᠤᠯᠭᠤᠷ ᠪᠢᠴᠢᠭ ᠤᠨ ᠬᠡᠪᠯᠠᠯ ᠤᠨ ᠬᠤᠷᠢᠶ᠎ᠠ ᠠᠴᠠ ᠬᠡᠪᠯᠠᠵᠤ᠂ ᠪᠦᠬᠦ ᠤᠯᠤᠰ ᠲᠤ ᠲᠠᠷᠬᠠᠭᠠᠪᠠ᠃      ᠡᠨᠡ ᠬᠦ ᠲᠤᠰᠬᠠᠢ ᠰᠡᠳᠤᠪᠳᠤ ᠵᠤᠬᠢᠶᠠᠯ ᠤᠨ ᠲᠡᠬᠦᠪᠤᠷᠢ ᠳᠤ ᠰᠢ ᠶᠢᠨ ᠫᠢᠩ ᠨᠦᠬᠦᠷ ᠤᠨ ᠨᠠᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠢ ᠦᠬᠦᠯᠡᠭᠰᠡᠨ 52 ᠴᠢᠬᠤᠯᠠ ᠵᠤᠬᠢᠶᠠᠯ ᠢ ᠤᠷᠤᠭᠤᠯᠵᠠᠢ᠃ ᠡᠬᠦᠨ ᠳᠤ ᠭᠡᠰᠡᠭ ᠵᠤᠬᠢᠶᠠᠯ ᠢ ᠠᠩᠬ᠎ᠠ ᠤᠳᠠᠭ᠎ᠠ ᠢᠯᠠ ᠪᠠᠷ ᠨᠡᠶᠢᠳᠠᠯᠠᠵᠤ ᠪᠠᠶᠢᠨ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠪᠦᠬᠦ ᠲᠠᠯ᠎ᠠ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠵᠤ᠂ ᠠᠯᠢ ᠤᠯᠠᠨ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠭᠠᠷᠭᠠᠨ᠂ ᠠᠯᠢ ᠤᠯᠠᠨ ᠴᠢᠬᠤᠯᠠ ᠠᠷᠭ᠎ᠠ ᠬᠡᠮᠵᠢᠶ᠎ᠠ ᠶᠢ ᠭᠡᠷᠡᠭᠵᠢᠬᠦᠯᠵᠤ᠂ ᠨᠠᠮ ᠤᠨ ᠤᠨᠤᠯ ᠤᠨ ᠰᠢᠨ᠎ᠠ ᠡᠬᠦᠳᠤᠯᠳᠠ ᠶᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠪᠤᠯᠤᠨ ᠳᠤᠮᠳᠠᠳᠤ ᠶᠢᠨ ᠵᠡᠬᠦᠳᠤ ᠶᠢ ᠬᠦᠮᠤᠰ ᠤᠨ ᠰᠡᠳᠬᠢᠯ ᠳᠤ ᠬᠦᠨ ᠬᠠᠳᠠᠩᠰᠢᠭᠤᠯᠤᠨ᠂ ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠪᠤᠯᠤᠨ ᠳᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠦᠷᠬᠡᠨ ᠢᠶᠠᠷ ᠪᠠᠳᠠᠷᠠᠭᠤᠯᠵᠤ᠂ ᠭᠤᠤᠯ ᠪᠤᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠲᠠᠰᠤᠷᠠᠯᠳᠠ ᠦᠬᠡᠢ ᠪᠠᠬᠢᠵᠢᠬᠦᠯᠤᠨ᠂ ᠰᠤᠶᠤᠯ ᠤᠨ ᠢᠳᠡᠬᠡᠯ ᠢ ᠲᠤᠲᠤᠷᠠᠭᠤᠯᠵᠤ᠂ ᠤᠯᠤᠰ ᠤᠨ ᠰᠤᠶᠤᠯ ᠤᠨ ᠵᠦᠬᠡᠯᠠᠨ ᠪᠤᠳᠠᠳᠤ ᠬᠦᠴᠤᠨ ᠪᠤᠯᠤᠨ ᠳᠤᠮᠳᠠᠳᠤ ᠶᠢᠨ ᠰᠤᠶᠤᠯ ᠤᠨ ᠨᠦᠯᠤᠬᠡᠯᠡᠬᠦ ᠬᠦᠴᠦᠨ ᠢ ᠶᠡᠭᠡ ᠪᠠᠷ ᠲᠡᠭᠡᠭᠰᠢᠯᠠᠬᠦᠯᠵᠤ᠂ ᠪᠦᠬᠦ ᠨᠠᠮ ᠪᠦᠬᠦ ᠨᠡᠶᠢᠬᠡᠮ ᠤᠨ ᠦᠵᠡᠯ ᠰᠠᠨᠠᠭᠠᠨ ᠤ ᠲᠠᠯ᠎ᠠ ᠪᠠᠷ ᠬᠢ ᠪᠦᠯᠬᠦᠮᠳᠡᠯ ᠨᠢᠬᠡᠳᠤᠯ ᠢ ᠴᠢᠨᠠᠬᠰᠢᠳᠠ ᠪᠠᠬᠢᠵᠢᠬᠦᠯᠵᠠᠢ᠃ ᠰᠢ ᠶᠢᠨ ᠫᠢᠩ ᠨᠦᠬᠦᠷ ᠨᠠᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠭᠤᠷᠢᠨ ᠳᠤ ᠠᠯᠢ ᠤᠯᠠᠨ ᠰᠢᠨ᠎ᠠ ᠦᠵᠡᠯ ᠰᠠᠨᠠᠭ᠎ᠠ ᠰᠢᠨ᠎ᠠ ᠦᠵᠡᠯᠳᠠ ᠰᠢᠨ᠎ᠠ ᠦᠬᠦᠯᠡᠯᠳᠠ ᠶᠢ ᠲᠤᠷᠠᠳᠴᠤ᠂ ᠮᠠᠨ ᠤ ᠨᠠᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠳᠠᠬᠢ ᠵᠢᠮ᠎ᠠ ᠶᠤᠰᠤᠴᠢ ᠴᠢᠨᠠᠷᠳᠠᠢ ᠲᠠᠨᠢᠯᠳᠠ ᠶᠢ ᠶᠡᠭᠡ ᠪᠠᠷ ᠬᠦᠨᠵᠡᠬᠡᠶᠢᠷᠡᠬᠦᠯᠵᠤ᠂ ᠰᠢᠨ᠎ᠠ ᠴᠠᠬ ᠦᠶ᠎ᠠ ᠶᠢᠨ ᠨᠠᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠳᠤᠷ ᠬᠢᠬᠦ ᠳᠤ ᠦᠨᠳᠤᠰᠤᠨ ᠵᠢᠷᠤᠮᠯᠠᠯ ᠬᠠᠩᠭᠠᠪᠠ᠃ ᠰᠢ ᠶᠢᠨ ᠫᠢᠩ ᠨᠦᠬᠦᠷ ᠤᠨ ︽ᠨᠠᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠢ ᠦᠬᠦᠯᠡᠬᠦ ᠨᠢ︾ ᠬᠡᠬᠦ ᠨᠤᠮ ᠢ ᠬᠡᠪᠯᠡᠨ ᠳᠠᠷᠬᠠᠭᠠᠭᠰᠠᠨ ᠨᠢ ᠦᠷᠬᠡᠨ ᠤᠯᠠᠨ ᠺᠠᠳ᠋ᠷ ᠤᠯᠠᠨ ᠲᠦᠮᠡᠨ ᠤ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬ ᠢ ᠮᠠᠨᠳᠤᠭᠤᠯᠬᠤ᠂ ᠠᠷᠠᠳ ᠤᠨ ᠰᠡᠳᠭᠢᠯ ᠢ ᠨᠢᠬᠳᠠᠷᠠᠭᠤᠯᠬᠤ᠂ ᠰᠢᠨ᠎ᠡ ᠬᠦᠮᠦᠨ ᠢ ᠬᠦᠮᠦᠵᠢᠭᠦᠯᠬᠦ᠂ ᠰᠤᠶᠤᠯ ᠢ ᠴᠡᠴᠡᠭᠯᠡᠭᠦᠯᠬᠦ᠂ ᠲᠦᠷᠢ ᠲᠦᠷᠬᠦ ᠶᠢ ᠢᠯᠡᠷᠡᠭᠦᠯᠬᠦ ᠲᠠᠷᠬᠠᠨ ᠡᠬᠦᠷᠬᠡ ᠶᠢ ᠨᠡᠩ ᠰᠠᠶᠢᠨ ᠡᠬᠦᠷᠬᠡᠯᠡᠬᠦ ᠶᠢ ᠠᠬᠢᠭᠤᠯᠵᠤ᠂ ᠨᠡᠶᠢᠬᠡᠮ ᠵᠢᠷᠤᠮ ᠤᠨ ᠰᠤᠶᠤᠯ ᠤᠨ ᠬᠦᠴᠦᠷᠭᠡᠭ ᠤᠯᠤᠰ ᠢ ᠪᠥᠳᠤᠭᠡᠨ ᠪᠠᠶᠢᠭᠤᠯᠬᠤ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠪᠡ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠳᠤ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号