ᠥᠪᠥᠷ ᠮᠣᠩᠭᠤᠯ ᠤᠨ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠣᠷᠳᠣᠰ ᠲᠤ ᠬᠤᠷᠠᠯᠳᠤᠪᠠ  ᠠᠢ ᠯᠢ ᠬᠤᠸᠠ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/11/12
     11 ᠰᠠᠷ᠎ᠠ ᠶᠢᠨ 10᠎ ᠤ ᠡᠳᠦᠷ᠂ ᠣᠷᠳᠣᠰ ᠬᠤᠲᠠ ᠶᠢᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠭᠤᠤᠯᠯᠠᠨ ᠡᠷᠬᠢᠯᠡᠭᠰᠡᠨ ᠥᠪᠥᠷ ᠮᠣᠩᠭᠤᠯ ᠤᠨ ᠤᠰᠤᠲᠥ᠋ᠷᠥᠭᠴᠢ ᠶᠢᠨ ᠡᠨᠧᠷᠭᠢ ᠎ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠲᠤ ᠬᠤᠷᠠᠯᠳᠤᠪᠠ᠃ ᠤᠯᠤᠰ ᠤᠨ ᠤᠰᠤᠲᠥ᠋ᠷᠥᠭᠴᠢ ᠶᠢᠨ ᠡᠨᠧᠷᠭᠢ ᠶᠢᠨ ᠬᠦᠷᠢᠶᠡᠨ ᠤ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠵᠢᠯ ᠲᠥᠷᠥᠯ ᠤᠨ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠲᠥᠯᠥᠭᠡᠯᠡᠭᠴᠢᠳ ᠣᠷᠳᠣᠰ ᠲᠤ ᠴᠤᠭᠯᠠᠷᠠᠵᠤ᠂ ᠥᠪᠥᠷ ᠮᠣᠩᠭᠤᠯ ᠤᠨ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠣᠯᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠠᠷᠭ᠎ᠠ ᠵᠠᠮ ᠢ ᠬᠠᠮᠲᠤ ᠪᠠᠷ ᠰᠦᠪᠡᠭᠴᠢᠯᠡᠵᠠᠢ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢᠨ ᠵᠦᠩ ᠴᠢᠨ ᠬᠤᠷᠠᠯ ᠳᠤ ᠣᠷᠣᠯᠴᠠᠵᠤ ᠮᠡᠳᠡᠭᠦᠯᠦᠯᠲᠡ ᠬᠢᠵᠡᠢ᠃      ᠠᠢ ᠯᠢ ᠬᠤᠸᠠ᠂ ᠥᠪᠥᠷ ᠮᠣᠩᠭᠤᠯ ᠪᠣᠯ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠎ ᠶᠢᠨ ᠡᠬᠢ ᠪᠠᠶᠠᠯᠢᠭ ᠤᠨ ᠰᠠᠭᠤᠷᠢᠨ ᠪᠣᠯᠤᠨ᠎ᠠ᠃ ᠦᠢᠷ᠎ᠡ ᠶᠢᠨ ᠵᠢᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠎ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ︾᠎ ᠪᠠᠷ ᠤᠳᠤᠷᠢᠳᠤᠮᠵᠢ ᠪᠣᠯᠭᠠᠬᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠢᠳᠡᠪᠬᠢᠲᠡᠶ ᠦᠷ᠎ᠡ ᠪᠦᠲᠦᠮᠵᠢ ᠤᠯᠪᠠ᠃ ᠥᠪᠥᠷ ᠮᠣᠩᠭᠤᠯ ᠤᠨ ᠤᠰᠤᠲᠥ᠋ᠷᠥᠭᠴᠢ ᠶᠢᠨ ᠡᠨᠧᠷᠭᠢ ᠶᠢᠨ ᠡᠬᠢ ᠪᠠᠶᠠᠯᠢᠭ ᠡᠯᠪᠡᠭ ᠪᠠᠶᠢᠵᠤ᠂ ᠤᠯᠤᠰ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠬᠦ᠂ ᠵᠢᠱᠢᠶ᠎ᠡ ᠦᠵᠡᠭᠦᠯᠬᠦ ᠬᠡᠷᠡᠭᠯᠡᠭᠡᠨ ᠤ ᠪᠠᠶᠢᠳᠠᠯ ᠢ ᠥᠷᠭᠡᠳᠬᠡᠬᠦ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠬᠤ ᠵᠡᠷᠭᠡ ᠲᠠᠯ᠎ᠠ ᠪᠠᠷ ᠬᠦᠴᠦ ᠲᠠᠯᠪᠢᠵᠤ᠂ ᠪᠦᠬᠦ ᠣᠷᠣᠨ ᠤ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠲᠤ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠪᠠ ᠳᠠᠯᠳᠠ ᠬᠦᠴᠦᠨ ᠢᠯᠡᠷᠡᠪᠡ᠃ ᠲᠤᠰ ᠤᠳᠠᠭᠠᠨ ᠤ ᠶᠡᠭᠡ ᠬᠤᠷᠠᠯ ᠪᠣᠯ ᠤᠯᠤᠰ ᠤᠨ ᠳᠣᠲᠣᠭᠠᠳᠤ ᠶᠢᠨ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠦᠷᠢᠶᠡᠨ ᠤ ᠥᠨᠳᠥᠷ ᠲᠦᠪᠰᠢᠨ ᠲᠠᠢ᠂ ᠥᠨᠳᠥᠷ ᠬᠡᠪ ᠪᠠᠷᠢᠮᠵᠢᠶ᠎ᠠ ᠲᠠᠢ᠂ ᠦᠨᠳᠦᠷ ᠶᠠᠰᠤ ᠴᠢᠨᠠᠷ ᠲᠠᠢ ᠶᠡᠭᠡ ᠬᠤᠷᠠᠯ ᠪᠣᠯᠤᠨ᠎ᠠ᠂ ᠣᠷᠣᠨ ᠨᠤᠲᠤᠭ ᠪᠠ ᠠᠵᠤ ᠠᠬᠤᠶᠢᠯᠠᠯ ᠤᠨ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠨᠢ ᠯᠠᠪᠲᠠᠶ ᠶᠤᠮ ᠭᠡᠵᠤ ᠬᠡᠯᠡᠪᠡ᠃      ᠬᠤᠷᠠᠯ ᠤᠨ ᠠᠬᠤᠶ ᠲᠠᠯᠠᠪᠠᠶ ᠳᠤ᠂ ᠣᠷᠳᠣᠰ ᠬᠤᠲᠠ᠂ ᠬᠥᠬᠡᠬᠤᠲᠠ᠂ ᠪᠤᠭᠤᠲᠤ ᠬᠤᠲᠠ ᠪᠣᠯᠤᠨ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠦᠯᠡᠰᠢᠨ ᠳ᠋ᠢᠶᠠᠨ ᡂᠢ ᠶᠢᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠤᠲᠠ ᠨᠤᠭᠤᠳ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠵᠢᠱᠢᠶ᠎ᠡ ᠦᠵᠡᠭᠦᠯᠬᠦ ᠬᠤᠲᠠ ᠨᠤᠭᠤᠳ ᠪᠤᠯᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠵᠤ᠂ ᠨᠡᠶᠢᠲᠡ 20 ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠳᠤ ᠭᠠᠷ ᠤᠨ ᠥᠰᠥᠭ ᠵᠢᠷᠤᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号