11 ᠰᠠᠷ᠎ᠠ ᠶᠢᠨ 10 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠰᠤᠨᠢᠨ ᠮᠡᠳᠡᠭᠡ | ᠨᠡᠶᠢᠳᠡᠯᠡᠬᠦ ᠬᠤᠷᠠᠯ ᠬᠢᠵᠦ᠂ ᠮᠠᠨ ᠤ ᠤᠷᠤᠨ ᠤ ᠡᠨᠡ ᠵᠢᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ | ᠰᠢᠪᠳᠤᠯᠬᠤ ᠲᠠᠶᠢᠯᠠᠯᠳᠤᠭᠠᠨ ᠤ ᠠᠬᠢᠴᠠ ᠶᠢᠨ ᠪᠠᠶᠢᠳᠠᠯ ᠢ ᠨᠡᠶᠢᠳᠡᠯᠡᠪᠡ᠃ ᠦᠪᠡᠷᠳᠡᠭᠡᠨ ᠵᠠᠰᠠᠬᠤ ᠤᠷᠤᠨ ᠤ ᠲᠡᠳ᠋ | ᠲᠡᠷᠢᠭᠦᠯᠡᠭᠴᠢ ᠪᠤᠤ ᠭᠠᠩ ᠬᠤᠷᠠᠯ ᠳᠤ ᠤᠷᠤᠯᠴᠠᠬᠤ ᠶᠢᠨ ᠬᠠᠮᠳᠤ ᠭᠤᠤᠯ ᠰᠡᠳᠦᠪᠳᠦ ᠰᠤᠨᠢᠨ ᠮᠡᠳᠡᠭᠡ ᠨᠡᠶᠢᠳᠡᠯᠡᠪᠡ᠃ | ᠡᠨᠡ ᠵᠢᠯ ᠤᠨ 1 — 10 ᠰᠠᠷ᠎ᠠ ᠳᠤ᠂ ᠪᠦᠬᠦ ᠤᠷᠤᠨ ᠤ ᠲᠤᠩᠭᠠᠯᠠᠭ ᠡᠳᠦᠷ ᠤᠨ ᠲᠤᠭᠠᠨ ᠤ ᠬᠠᠷᠢᠴᠠᠯ | 90.2% ᠲᠤ ᠬᠦᠷᠴᠦ᠂ 89.1% ᠳᠤ ᠬᠦᠷᠬᠡᠬᠦ ᠣᠨ ᠤ ᠬᠠᠷᠠᠯᠲᠠ ᠱᠠᠭᠠᠷᠳᠠᠯᠭ᠎ᠠ ᠶᠢ ᠳᠠᠪᠠᠪᠠ︔ ᠤᠷᠴᠢᠨ | ᠲᠤᠭᠤᠷᠢᠨ ᠤ ᠠᠭᠠᠷ ᠤᠨ ᠵᠢᠵᠢᠭ ᠮᠦᠬᠦᠯᠢᠭᠲᠦ ᠪᠤᠳᠠᠰ ︵PM 2.5︶ ᠤᠨ ᠲᠤᠮᠳᠠᠴᠢ ᠦᠳᠭᠡᠴᠡ ᠶᠢᠨ ᠬᠡᠮᠵᠢᠶ᠎ᠡ | ᠲᠡᠭᠰᠢ ᠲᠦᠷᠪᠡᠯᠵᠢᠨ ᠮᠧᠲᠷ ᠪᠦᠷᠢ 27 ᠮᠢᠺᠷᠣᠭ᠍ᠷᠠᠮ ᠳᠤ ᠬᠦᠷᠴᠦ᠂ ᠡᠭᠦᠨ ᠳᠤ ᠤᠯᠤᠰ ᠤᠨ ᠬᠢᠨᠠᠨ ᠰᠢᠯᠭᠠᠯᠲᠠ ᠳᠤ | ᠤᠷᠤᠭᠰᠠᠨ 10 ᠠᠶᠢᠮᠠᠭ ᠬᠤᠲᠠ ᠶᠢᠨ ᠠᠭᠠᠷ ᠤᠨ ᠵᠢᠵᠢᠭ ᠮᠦᠬᠦᠯᠢᠭᠲᠦ ᠪᠤᠳᠠᠰ ︵PM 2.5︶ ᠤᠨ ᠲᠤᠮᠳᠠᠴᠢ | ᠦᠳᠭᠡᠴᠡ ᠶᠢᠨ ᠬᠡᠮᠵᠢᠶ᠎ᠡ ᠲᠡᠭᠰᠢ ᠲᠦᠷᠪᠡᠯᠵᠢᠨ ᠮᠧᠲᠷ ᠪᠦᠷᠢ 29 ᠮᠢᠺᠷᠣᠭ᠍ᠷᠠᠮ ᠳᠤ ᠬᠦᠷᠦᠨ᠂ 2015 ᠣᠨ | ᠤ ᠬᠢ ᠲᠠᠢ ᠬᠠᠷᠢᠴᠠᠭᠤᠯᠪᠠᠯ 17.1% ᠪᠠᠷ ᠪᠠᠭᠤᠷᠠᠵᠤ᠂ ᠪᠠᠭᠤᠷᠠᠯᠲᠠ ᠶᠢᠨ ᠨᠤᠷᠮ᠎ᠠ ᠶᠢ 12% ᠠᠴᠠ ᠳᠠᠪᠠᠭᠤᠯᠬᠤ | ᠣᠨ ᠤ ᠬᠠᠷᠠᠯᠲᠠ ᠱᠠᠭᠠᠷᠳᠠᠯᠭ᠎ᠠ ᠳᠤ ᠬᠦᠷᠪᠡ᠃ ᠪᠦᠬᠦ ᠤᠷᠤᠨ ᠤ ᠬᠦᠷᠦᠰᠦ ᠰᠢᠷᠦᠢ ᠶᠢᠨ ᠤᠯᠤᠰ ᠤᠨ ᠡᠵᠡᠮᠳᠡᠯᠳᠦ | ᠬᠢᠨᠠᠨ ᠬᠡᠮᠵᠢᠬᠦ ᠴᠡᠭ ᠤᠨ ᠶᠡᠷᠦᠩᠬᠡᠢ ᠴᠤᠭᠴᠠ ᠶᠢᠨ ᠪᠠᠷᠢᠮᠵᠢᠶ᠎ᠠ ᠳᠤ ᠬᠦᠷᠦᠭᠰᠡᠨ ᠨᠤᠷᠮ᠎ᠠ 98.1% ᠪᠠᠶᠢᠵᠤ᠂ | ᠲᠠᠷᠢᠶᠠᠯᠠᠩ ᠳᠤ ᠬᠡᠷᠡᠭᠯᠡᠬᠦ ᠬᠦᠷᠦᠰᠦ ᠰᠢᠷᠤᠢ ᠶᠢ ᠠᠮᠤᠷ ᠲᠦᠪᠰᠢᠨ ᠢᠶᠠᠷ ᠠᠰᠢᠭᠯᠠᠭᠰᠠᠨ ᠨᠤᠷᠮ᠎ᠠ 99% ᠠᠴᠠ | ᠲᠡᠭᠡᠭᠰᠢ ᠳᠤ ᠬᠦᠷᠴᠦ᠂ ᠬᠦᠷᠦᠰᠦ ᠰᠢᠷᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠶᠡᠭᠡ | ᠰᠠᠶᠢᠨ᠃ ᠪᠦᠬᠦ ᠤᠷᠤᠨ ᠤ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠡᠯ᠎ᠡ | ᠵᠦᠢᠯ ᠤᠨ ᠭᠦᠢᠴᠡᠳᠭᠡᠯ ᠲᠤᠭ᠎ᠠ ᠶᠢᠨ ᠡᠭᠦᠷᠭᠡ ᠴᠦᠮ ᠤᠯᠤᠰ ᠤᠨ ᠴᠠᠭ ᠤᠨ ᠲᠠᠷᠠᠭᠠᠯᠠᠯ ᠢᠶᠠᠷ ᠠᠬᠢᠭᠤᠯᠬᠤ | ᠱᠠᠭᠠᠷᠳᠠᠯᠭ᠎ᠠ ᠳᠤ ᠬᠦᠷᠪᠡ᠃ | ᠮᠠᠨ ᠤ ᠤᠷᠤᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠮᠢ ᠠᠬᠤᠢ ᠶᠢᠨ ᠪᠤᠯᠪᠠᠰᠤᠨ | ᠤ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠭᠤᠤᠯ | ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠺᠤᠮᠢᠰ ᠢ ᠪᠠᠶᠢᠭᠤᠯᠤᠨ᠂ ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ | ᠪᠦᠳᠦᠭᠡᠨ ᠪᠠᠶᠢᠭᠤᠯᠤᠯᠲᠠ ᠶᠢ ᠨᠢᠭᠡᠳᠦᠯᠳᠡᠢ ᠲᠦᠯᠦᠪᠵᠢᠭᠦᠯᠦᠨ ᠲᠤᠬᠢᠷᠠᠭᠤᠯᠪᠠ᠃ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠵᠠᠰᠠᠭ ᠤᠨ ᠤᠷᠳᠤᠨ ᠤᠯᠠᠨ ᠴᠢᠬᠤᠯᠠ ᠪᠢᠴᠢᠭ ᠮᠠᠲ᠋ᠧᠷᠢᠶᠠᠯ ᠨᠡᠶᠢᠳᠡᠯᠡᠵᠦ᠂ ᠠᠮᠢ ᠠᠬᠤᠢ ᠶᠢ | ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ | ᠬᠦᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠠᠵᠤ ᠦᠢᠯᠡᠰ ᠤᠨ ᠪᠦᠳᠦᠴᠡ ᠶᠢᠨ ᠬᠡᠯᠪᠡᠷᠢ ᠪᠠᠨ | ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠬᠤ ᠲᠡᠭᠡᠷ᠎ᠡ ᠭᠤᠤᠯᠳᠠᠯᠭ᠎ᠠ ᠪᠠᠨ ᠲᠠᠯᠪᠢᠵᠤ᠂ ᠪᠤᠳᠠᠳᠤ ᠴᠤᠭᠴᠠ ᠶᠢᠨ | ᠠᠵᠤ ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠴᠢᠷᠮᠠᠶᠢᠨ ᠪᠡᠶᠡᠯᠡᠭᠦᠯᠪᠡ᠃ ᠤᠯᠤᠰ ᠤᠨ ᠨᠤᠳᠤᠭ | ᠲᠡᠪᠢᠰᠭᠡᠷ ᠤᠨ ᠤᠷᠤᠨ ᠵᠠᠢ ᠶᠢᠨ ᠲᠦᠯᠦᠪᠵᠢᠭᠦᠯᠭᠡ ᠪᠤᠯᠤᠨ ᠬᠡᠷᠡᠭᠴᠡᠭᠡ ᠶᠢᠨ ᠬᠠᠮᠢᠶᠠᠷᠤᠯᠳᠠ ᠡᠵᠡᠮᠰᠢᠯ ᠢ | ᠴᠢᠩᠭᠠᠳᠬᠠᠨ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠳᠠᠢ | ᠬᠦᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠬᠦᠯᠦᠨ ᠨᠠᠭᠤᠷ᠂ ᠲᠠᠭ᠎ᠠ ᠶᠢᠨ ᠨᠠᠭᠤᠷ᠂ | ᠤᠯᠠᠭᠠᠨᠰᠤᠬᠠᠢ ᠨᠠᠭᠤᠷ︾ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠵᠤ᠂ ᠦᠬᠠᠢ ᠵᠢᠴᠢ ᠡᠷᠭᠢᠨ ᠲᠤᠭᠤᠷᠢᠨ ᠤ ᠭᠠᠵᠠᠷ ᠤᠷᠤᠨ ᠤ ᠠᠮᠢ ᠠᠬᠤᠢ ᠤᠷᠴᠢᠨ ᠲᠤᠭᠤᠷᠢᠨ | ᠢ ᠶᠡᠷᠦᠩᠬᠡᠶᠢᠯᠡᠨ ᠵᠠᠰᠠᠵᠤ ᠬᠢᠨᠠᠨ ᠵᠢᠯᠤᠭᠤᠳᠬᠤ ᠠᠵᠢᠯ ᠢ ᠦᠷᠨᠢᠭᠦᠯᠵᠦ᠂ ᠠᠮᠢ ᠠᠬᠤᠢ ᠶᠢᠨ ᠪᠤᠯᠪᠠᠰᠤᠨ ᠤ ᠵᠢᠱᠢᠶ᠎ᠡ | ᠶᠢ ᠡᠭᠦᠳᠦᠨ ᠪᠠᠶᠢᠭᠤᠯᠬᠤ ᠠᠵᠢᠯ ᠢ ᠴᠢᠩᠭᠠᠳᠬᠠᠭᠰᠠᠨ ᠪᠠᠶᠢᠨ᠎ᠠ᠃ | ᠮᠠᠨ ᠤ ᠤᠷᠤᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ | ᠴᠡᠭᠴᠡᠯᠡᠨ ᠵᠠᠰᠠᠯᠲᠠ ᠶᠢ ᠨᠠᠷᠢᠨ ᠬᠢᠨᠠᠮᠠᠭᠠᠢ ᠰᠠᠶᠢᠳᠤᠷ ᠬᠢᠵᠦ᠂ 2016 ᠣᠨ ᠳᠤ ᠲᠦᠷᠦᠭᠦᠦ ᠡᠭᠡᠯᠵᠢ ᠶᠢᠨ ᠲᠦᠪ | ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠵᠠᠰᠠᠬᠤ 49 | ᠡᠭᠦᠷᠭᠡ ᠶᠢᠨ 47 ᠶᠢ ᠪᠡᠶᠡᠯᠡᠭᠦᠯᠵᠦ᠂ 2018 ᠣᠨ ᠳᠤ ︽ᠡᠷᠭᠢᠨ ᠬᠠᠷᠠᠬᠤ︾ ᠵᠢᠴᠢ ᠲᠠᠯ᠎ᠠ ᠨᠤᠳᠤᠭ ᠤᠨ | ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠵᠠᠰᠠᠬᠤ 100 ᠡᠭᠦᠷᠭᠡ ᠶᠢᠨ 95 ᠶᠢ | ᠪᠡᠶᠡᠯᠡᠭᠦᠯᠦᠨ᠂ ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ 12 ᠠᠶᠢᠮᠠᠭ ᠬᠤᠲᠠ ᠳᠤ ᠪᠦᠬᠦᠨ ᠢ ᠪᠦᠷᠬᠦᠭᠦᠯᠬᠦ ᠶᠢ | ᠪᠡᠶᠡᠯᠡᠭᠦᠯᠪᠡ᠃ | ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠡ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ | ᠲᠤᠭᠤᠷᠢᠨ ᠤ ᠲᠢᠩᠬᠢᠮ᠂ ᠦᠪᠡᠷᠳᠡᠭᠡᠨ ᠵᠠᠰᠠᠬᠤ ᠤᠷᠤᠨ ᠤ ᠭᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ | ᠬᠠᠮᠢᠶ᠎ᠠ ᠪᠦᠬᠦᠢ ᠬᠠᠷᠢᠭᠤᠴᠠᠯᠭᠠᠳᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ |