︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠥᠯᠡᠳᠡᠪᠦᠷᠢ | ᠭᠦᠢᠴᠡᠳᠬᠡᠯ ᠲᠤᠭ᠎ᠠ ᠶᠢ ᠣᠷᠣᠨ ᠤ ᠳᠣᠲᠣᠷ᠎ᠠ ᠠᠷᠠᠯᠵᠢᠶᠠᠯᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ 4310 | ᠮᠦ ᠠᠷᠠᠯᠵᠢᠶᠠᠯᠠᠨ᠂ ᠠᠷᠠᠯᠵᠢᠶᠠᠨ ᠤ ᠵᠣᠭᠤᠰ ᠤᠨ ᠲᠤᠭ᠎ᠠ 3.51 ᠳ᠋ᠦᠩᠰᠢᠭᠤᠷ ᠲᠥᠭᠦᠷᠢᠭ ᠲᠤ ᠬᠦᠷᠪᠡ︔ | 2018 ᠣᠨ ᠪᠠ 2019 ᠣᠨ ᠳᠤ ᠤᠯᠤᠰ ᠤᠨ ᠮᠣᠵᠢ ᠠᠯᠤᠰᠯᠠᠨ ᠲᠣᠬᠢᠷᠠᠭᠤᠯᠬᠤ ᠭᠦᠢᠴᠡᠳᠬᠡᠯ ᠲᠤᠭ᠎ᠠ ᠶᠢ | 3600 ᠮᠦ ᠣᠯᠵᠤ᠂ ᠠᠷᠠᠯᠵᠢᠶᠠᠨ ᠤ ᠵᠣᠭᠤᠰ ᠤᠨ ᠲᠤᠭ᠎ᠠ 22 ᠳ᠋ᠦᠩᠰᠢᠭᠤᠷ ᠲᠥᠭᠦᠷᠢᠭ ᠪᠣᠯᠪᠠ᠃ ᠬᠢᠩᠭᠠᠨ | ᠠᠶᠢᠮᠠᠭ ᠤᠨ ᠪᠠᠶᠢᠰᠢᠩ ᠭᠠᠴᠠᠭ᠎ᠠ ᠶᠢᠨ ᠶᠠᠳᠠᠭᠤ ᠬᠦᠴᠢᠷᠳᠡᠯᠲᠡᠢ ᠡᠷᠦᠬᠡ ᠶᠢ ᠴᠡᠭ ᠲᠣᠭᠲᠠᠭᠠᠨ ᠬᠠᠪᠰᠤᠷᠤᠨ | ᠲᠡᠳᠬᠦᠵᠦ ᠪᠦᠬᠦᠨ ᠢ ᠶᠠᠳᠠᠭᠤ ᠠᠴᠠ ᠨᠢ ᠠᠩᠭᠢᠵᠢᠷᠠᠭᠤᠯᠪᠠ᠃ ᠦᠬᠠᠶ ᠵᠢᠴᠢ ᠡᠷᠬᠢᠨ ᠲᠣᠭᠤᠷᠢᠨ ᠤ ᠠᠭᠠᠷ | ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠦᠷᠭᠦᠯᠵᠢᠯᠡᠨ ᠠᠬᠢᠭᠤᠯᠵᠤ᠂ | ᠪᠥᠬᠦ ᠣᠷᠣᠨ ᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠢ | ᠪᠠᠶᠢᠴᠠᠭᠠᠨ ᠵᠠᠰᠠᠬᠤ ᠠᠵᠢᠯ ᠳᠤ ᠣᠷᠤᠯᠴᠠᠪᠠ᠃ ᠪᠦᠬᠦ ᠣᠷᠣᠨ ᠳᠤ ᠪᠠᠶᠢᠭᠠᠯᠢ ᠶᠢᠨ ᠡᠬᠢ ᠪᠠᠶᠠᠯᠢᠭ ᠤᠨ ᠠᠰᠢᠭ | ᠣᠷᠣᠯᠭ᠎ᠠ ᠶᠢ 2000 ᠭᠠᠷᠤᠶ ᠳ᠋ᠦᠩᠰᠢᠭᠤᠷ ᠲᠥᠭᠦᠷᠢᠭ ᠲᠠᠲᠠᠪᠤᠷᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ | ᠬᠡᠷᠡᠭᠯᠡᠵᠦ ᠪᠣᠯᠬᠤ ᠡᠳ᠋ ᠤᠨ ᠬᠦᠴᠦᠨ ᠢ ᠶᠡᠭᠡ ᠪᠠᠷ ᠨᠡᠮᠡᠭᠳᠡᠭᠦᠯᠦᠨ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠳᠤ ᠪᠦᠲᠦᠮᠵᠢᠲᠡᠶ ᠬᠦᠴᠦᠨ ᠨᠡᠮᠡᠷᠢᠯᠡᠪᠡ᠃ ︽ᠭᠤᠷᠪᠠᠨ ᠡᠬᠡ ᠭᠠᠵᠠᠷ ᠢ ᠬᠠᠶᠢᠨ ᠰᠢᠨᠵᠢᠬᠦ︾ | ᠨᠢᠭᠡᠴᠢ ᠶᠢ ᠠᠭᠤᠷᠬᠠᠢ ᠶᠢᠨ ᠦᠢᠯᠡᠰ ᠤᠨ ᠪᠦᠯᠦᠭᠯᠡᠯ ᠠᠴᠠ ᠰᠠᠯᠭᠠᠵᠤ᠂ ᠠᠭᠤᠷᠬᠠᠢ ᠶᠢᠨ ᠦᠢᠯᠡᠰ ᠤᠨ ᠪᠦᠯᠦᠭᠯᠡᠯ ᠢ | ᠱᠠᠨᠳᠦ᠋ᠩ ᠤᠨ ᠶᠠᠨ ᠺᠤᠸᠠᠩ ᠠᠭᠤᠷᠬᠠᠢ ᠶᠢᠨ ᠪᠦᠯᠦᠭᠯᠡᠯ ᠯᠦᠭᠡ ᠳᠠᠬᠢᠨ ᠵᠣᠬᠢᠶᠠᠨ ᠪᠠᠶᠢᠭᠤᠯᠬᠤ ᠶᠢ ᠪᠡᠶᠡᠯᠡᠭᠦᠯᠵᠦ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠪᠣᠯᠤᠨ ᠨᠡᠶᠢᠭᠡᠮ ᠤᠨ ᠲᠣᠭᠲᠠᠭᠤᠨ ᠤ ᠲᠥᠭᠰᠢᠭᠦᠷᠢ ᠶᠢ ᠪᠦᠲᠦᠮᠵᠢᠲᠡᠢ | ᠰᠡᠷᠭᠡᠶᠢᠯᠡᠪᠡ᠃ |