ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠬᠦᠷᠴᠦ ᠪᠦᠷᠢᠳᠬᠡᠬᠦ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2020/11/13
     ︽ ᠬᠥᠭᠰᠢᠨ ᠲᠠᠢ ᠪᠠᠨ ᠪᠢᠳᠠ ᠬᠤᠶᠠᠭᠤᠯᠠ ᠪᠦᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠶᠣᠯ ᠎ ᠲᠠᠢ ᠶᠤᠮ᠃ 68 ᠲᠡᠭᠰᠢ ᠳᠥᠷᠪᠡᠯᠵᠢᠨ ᠮᠧᠲᠷ ᠤᠨ ᠥᠷᠥᠭᠡ ᠲᠠᠢ᠂ ᠥᠬᠢᠨ ᠮᠢᠨᠢ ᠠᠰᠳᠠᠭᠠᠨ ᠰᠠᠭᠤᠵᠤ ᠪᠤᠢ ᠁︾ ᠬᠡᠮᠡᠨ 11 ᠳ᠋ᠦ᠋ᠭᠡᠷ ᠰᠠᠷ᠎ᠠ ᠶᠢᠨ 12᠎ ᠤᠨ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠤᠸᠠᠨ ᠾᠧ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠲᠠᠢ ᠫᠢᠩ ᠭᠤᠳᠤᠮᠵᠢ ᠶᠢᠨ ᠨᠡᠶᠢᠭᠡᠮ ᠲᠣᠭᠤᠷᠢᠭ ᠤᠨ ᠨᠢᠤ ᠵᠢᠶᠧ ᠭᠤᠷᠪᠠᠳᠤᠭᠠᠷ ᠲᠣᠭᠤᠷᠢᠭ ᠤᠨ ᠰᠠᠭᠤᠭᠠᠯᠢ ᠠᠷᠠᠳ ᠸᠠᠩ ᠠᠶ ᠵᠧᠨ ᠨᠡᠶᠢᠳᠡᠮ ᠪᠠᠶᠢᠴᠠᠭᠠᠭᠴᠢ ᠶᠢᠨ ᠠᠰᠠᠭᠤᠭᠰᠠᠨ ᠠᠰᠠᠭᠤᠯᠲᠠ ᠶᠢ ᠬᠠᠷᠢᠭᠤᠯᠪᠠ᠃ 11 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠦᠬᠦ ᠣᠷᠣᠨ ᠤ ᠡᠯ᠎ᠡ ᠭᠠᠵᠠᠷ ᠲᠤ ᠡᠮᠬᠢ ᠵᠢᠷᠤᠮ ᠲᠠᠢ ᠪᠠᠷ ᠶᠠᠪᠤᠭᠳᠠᠵᠤ᠂ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠬᠦᠷᠴᠦ ᠪᠦᠷᠢᠳᠬᠡᠬᠦ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ᠃      ᠬᠤᠲᠣᠩ ᠠᠷᠠᠳ ᠤᠨ ᠲᠣᠭᠤᠷᠢᠭ ᠤᠨ ᠬᠤᠸᠠᠨ ᠾᠧ ᠵᠡᠭᠡᠯᠢ ᠶᠢᠨ ᠬᠡᠷᠡᠭ ᠡᠷᠬᠢᠯᠡᠬᠦ ᠭᠠᠵᠠᠷ ᠲᠤ ᠨᠡᠶᠢᠲᠡ 6 ᠨᠡᠶᠢᠭᠡᠮ ᠲᠣᠭᠤᠷᠢᠭ ᠬᠠᠷᠢᠶᠠᠯᠠᠭᠳᠠᠵᠤ᠂ ᠡᠷᠦᠬᠡ ᠠᠮᠠ ᠶᠢᠨ ᠳᠠᠩᠰᠠ ᠲᠠᠢ ᠬᠥᠮᠦᠨ ᠠᠮᠠ 3.7 ᠲᠦᠮᠡ ᠭᠠᠷᠤᠶ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ 4.5 ᠲᠦᠮᠡ ᠭᠠᠷᠤᠶ ᠪᠤᠢ᠂ ᠣᠳᠣᠬᠠᠨ ᠳᠤ ᠨᠡᠶᠢᠳᠡᠮ ᠪᠠᠶᠢᠴᠠᠭᠠᠭᠴᠢ 96%᠎ ᠠᠴᠠ ᠳᠡᠭᠡᠭᠰᠢᠬᠢ ᠡᠷᠦᠬᠡ ᠠᠮᠠ ᠶᠢ ᠪᠦᠷᠢᠳᠬᠡᠨ ᠳᠠᠭᠤᠰᠴᠠᠢ᠃ ᠬᠤᠸᠠᠨ ᠾᠧ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠭᠤᠸᠠᠨ ᠾᠧ ᠰᠤᠷᠪᠤᠯᠵᠢᠯᠠᠭᠴᠢ ᠳᠤ ᠬᠡᠯᠡᠭᠰᠡᠨ ᠨᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠳᠣᠲᠣᠷ᠎ᠠ ᠠᠵᠢᠯᠯᠠᠵᠤ ᠪᠠᠶᠢᠭ᠎ᠠ ᠬᠥᠮᠦᠰ ᠪᠠᠶᠢᠬᠤ ᠮᠥᠷᠲᠡᠭᠡᠨ ᠭᠠᠳᠠᠨ᠎ᠠ ᠣᠷᠣᠨ ᠳᠤ ᠬᠥᠯᠥᠰᠥᠨ ᠠᠵᠢᠯ ᠬᠢᠵᠦ ᠪᠠᠶᠢᠬᠤ ᠪᠠ ᠵᠢᠵᠢᠭ ᠮᠠᠶᠢᠮᠠᠶ ᠬᠢᠵᠦ ᠪᠠᠶᠢᠬᠤ ᠬᠥᠮᠦᠰ ᠴᠦ ᠪᠠᠶᠢᠨ᠎ᠠ᠂ ᠭᠡᠷ ᠲᠤ ᠪᠠᠨ ᠪᠠᠶᠢᠬᠤ ᠴᠠᠭ ᠨᠢ ᠲᠣᠭᠲᠠᠪᠤᠷᠢ ᠦᠭᠡᠢ᠂ ᠡᠷᠲᠡ ᠭᠠᠷᠴᠤ ᠣᠷᠣᠢ ᠪᠤᠴᠠᠬᠤ ᠰᠠᠭᠤᠭᠠᠯᠢ ᠠᠷᠠᠳ ᠨᠡᠯᠢᠶᠡᠳ ᠣᠯᠠᠨ ᠶᠤᠮ᠃ ᠡᠳᠡᠭᠡᠷ ᠰᠠᠭᠤᠭᠠᠯᠢ ᠠᠷᠠᠳ ᠲᠤ ᠴᠢᠭᠯᠡᠭᠦᠯᠦᠨ᠂ ᠨᠡᠶᠢᠳᠡᠮ ᠪᠠᠶᠢᠴᠠᠭᠠᠭᠴᠢ ᠨᠢ ᠵᠥᠪᠬᠡᠨ ᠥᠷᠯᠥᠭᠡ᠂ ᠦᠳᠡ᠂ ᠣᠷᠣᠶ ᠭᠤᠷᠪᠠᠨ ᠴᠠᠭ ᠤᠨ ᠬᠢᠵᠠᠭᠠᠷᠲᠠᠶ ᠬᠤᠭᠤᠴᠠᠭᠠᠨ ᠳᠤ ᠨᠡᠶᠢᠳᠡᠮ ᠪᠠᠶᠢᠴᠠᠭᠠᠯᠲᠠ ᠬᠢᠵᠦ  ᠪᠦᠷᠢᠳᠬᠡᠵᠦ ᠳᠡᠶᠢᠯᠦᠨ᠎ᠡ ᠭᠡᠪᠡ᠃ ᠣᠶᠢᠯᠠᠭᠠᠭᠰᠠᠨ ᠢᠶᠠᠷ᠂ ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ  ᠬᠦᠷᠴᠦ ᠪᠦᠷᠢᠳᠬᠡᠬᠦ ᠠᠵᠢᠯ 12 ᠠᠶᠢᠮᠠᠭ ᠬᠤᠲᠠ ᠶᠢᠨ 14426 ᠨᠡᠶᠢᠳᠡᠮ ᠪᠠᠶᠢᠴᠠᠭᠠᠯᠲᠠ ᠶᠢᠨ ᠲᠣᠭᠤᠷᠢᠭ ᠲᠤ ᠪᠦᠬᠦ ᠲᠠᠯ᠎ᠠ ᠪᠠᠷ ᠥᠷᠨᠢᠵᠦ᠂ ᠨᠡᠶᠢᠳᠡᠮ ᠪᠠᠶᠢᠴᠠᠭᠠᠯᠲᠠ ᠶᠢᠨ ᠨᠡᠶᠢᠲᠡ 120371 ᠵᠢᠵᠢᠭ ᠲᠣᠭᠤᠷᠢᠭ ᠬᠤᠯᠪᠣᠭᠳᠠᠨ᠂ 13.7 ᠲᠦᠮᠡ ᠭᠠᠷᠤᠶ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠡᠳᠦᠷ ᠰᠥᠨᠢ ᠦᠭᠡᠢ ᠠᠵᠢᠯᠯᠠᠵᠤ ᠪᠣᠢ᠃      ᠬᠥᠮᠦᠨ ᠠᠮᠠ ᠶᠢᠨ ᠠᠰᠠᠭᠤᠳᠠᠯ ᠪᠣᠯ ᠤᠯᠤᠰ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠰᠠᠭᠤᠷᠢ ᠴᠢᠨᠠᠷᠲᠠᠶ ᠠᠰᠠᠭᠤᠳᠠᠯ ᠪᠣᠯᠤᠨ᠎ᠠ᠂ ᠬᠥᠮᠦᠨ ᠠᠮᠠ ᠶᠢᠨ ᠬᠥᠭᠵᠢᠯᠲᠡ ᠬᠤᠪᠢᠷᠠᠯᠲᠠ ᠨᠢ ᠤᠯᠤᠰ ᠤᠨ ᠠᠯᠤᠰ ᠬᠡᠳᠤ ᠶᠢᠨ ᠬᠥᠭᠵᠢᠯᠲᠡ ᠶᠢ ᠨᠥᠯᠥᠭᠡᠯᠡᠬᠦ ᠮᠥᠷᠲᠡᠭᠡᠨ ᠪᠠᠰᠠ ᠬᠤᠪᠢ ᠬᠥᠮᠦᠨ ᠪᠠ ᠭᠡᠷ ᠪᠦᠯᠢ ᠶᠢᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠲᠤᠰ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠠᠷ ᠳᠠᠮᠵᠢᠨ᠂ ᠬᠥᠮᠦᠨ ᠠᠮᠠ ᠶᠢᠨ ᠨᠡᠮᠡᠭᠳᠡᠯ ᠤᠨ ᠪᠠᠶᠢᠳᠠᠯ ᠪᠣᠯᠤᠨ ᠠᠳᠠᠯᠢ ᠪᠤᠰᠤ ᠲᠥᠷᠥᠯ ᠬᠤᠪᠢᠶᠠᠷᠢ ᠶᠢᠨ ᠬᠥᠮᠦᠨ ᠠᠮᠠ ᠶᠢᠨ ᠲᠤᠭ᠎ᠠ ᠵᠢᠴᠢ ᠰᠠᠭᠤᠭᠠᠯᠢ ᠠᠷᠠᠳ ᠤᠨ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ᠂ ᠣᠷᠣᠨ ᠰᠠᠭᠤᠴᠠ ᠶᠢᠨ ᠪᠠᠶᠢᠳᠠᠯ ᠵᠡᠷᠭᠡ ᠮᠡᠳᠡᠭᠡ ᠵᠠᠩᠭᠢ ᠶᠢ ᠪᠦᠬᠦ ᠲᠠᠯ᠎ᠠ ᠪᠠᠷ ᠣᠨᠣᠪᠴᠢᠲᠠᠢ ᠣᠯᠬᠤ ᠨᠢ ᠨᠠᠮ ᠪᠣᠯᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠠᠰᠢᠭᠲᠠᠶ ᠶᠤᠮ᠃ ᠮᠠᠨ ᠤ ᠣᠷᠣᠨ ᠤ ᠬᠥᠮᠦᠨ ᠠᠮᠠ ᠶᠢᠨ ᠬᠠᠮᠤᠭ ᠰᠢᠨ᠎ᠡ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢᠨ ᠣᠨᠴᠠᠯᠢᠭ ᠰᠢᠨᠵᠢ ᠶᠢ ᠰᠢᠨᠵᠢᠯᠡᠬᠦ ᠤᠬᠠᠭᠠᠨᠴᠢ ᠪᠠᠷ ᠡᠵᠡᠮᠰᠢᠬᠦ ᠨᠢ ᠪᠠᠯᠠ ᠣᠷᠣᠭᠤᠯᠤᠯᠲᠠ ᠶᠢᠨ ᠲᠥᠷᠥᠯ ᠵᠦᠢᠯ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ᠂ ᠬᠤᠲᠠ ᠬᠥᠳᠡᠭᠡ ᠣᠷᠣᠨ ᠪᠦᠰᠡ ᠶᠢᠨ ᠪᠠᠶᠢᠷᠢᠰᠢᠭᠤᠯᠤᠯᠲᠠ᠂ ᠦᠷᠭᠦᠯᠵᠢᠯᠡᠬᠦ ᠬᠥᠭᠵᠢᠯᠲᠡ ᠵᠡᠷᠭᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠳᠤᠮᠳᠠᠬᠢ ᠬᠥᠮᠦᠨ ᠠᠮᠠ ᠶᠢᠨ ᠡᠯᠧᠮᠧᠨ᠋ᠲ ᠤᠨ ᠰᠠᠭᠤᠷᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠮᠦᠨ ᠠᠮᠠ ᠬᠢᠭᠡᠳ ᠬᠥᠭᠵᠢᠯᠲᠡ ᠶᠢᠨ ᠶᠡᠷᠦᠩᠬᠡᠶᠢᠯᠡᠭᠰᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠥᠮᠦᠨ ᠠᠮᠠ ᠬᠢᠭᠡᠳ ᠠᠵᠤ ᠠᠬᠤᠶ ᠨᠡᠶᠢᠭᠡᠮ᠂ ᠡᠬᠢ ᠪᠠᠶᠠᠯᠢᠭ ᠣᠷᠴᠢᠨ ᠲᠣᠭᠤᠷᠢᠨ ᠤ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠳᠤ ᠴᠢᠬᠤᠯᠠ ᠲᠦᠰᠢᠭ ᠲᠤᠯᠭᠠᠭᠤᠷᠢ ᠬᠠᠩᠭᠠᠬᠤ ᠳᠤ ᠠᠰᠢᠭᠲᠠᠢ ᠶᠤᠮ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠨᠠᠩ ᠪᠦᠲᠦᠮᠵᠢᠲᠡᠶ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃ ᠡᠶᠢᠮᠦ ᠠᠴᠠ ᠨᠡᠶᠢᠳᠡᠮ ᠪᠠᠶᠢᠴᠠᠭᠠᠭᠳᠠᠭᠰᠠᠳ ᠪᠦᠬᠦᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠪᠣᠯᠤᠨ ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾᠎ ᠤᠨ ᠲᠣᠭᠲᠠᠭᠠᠯ ᠢ ᠴᠢᠩᠭ᠎ᠠ ᠵᠢᠷᠤᠮᠯᠠᠨ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠴᠢᠬᠤᠯᠠ ᠲᠠᠢ ᠮᠠᠲ᠋ᠧᠷᠢᠶᠠᠯ ᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠭᠦᠢᠴᠡᠳ᠂ ᠴᠠᠭ ᠲᠤᠬᠠᠶ ᠳᠤ ᠨᠢ ᠬᠠᠩᠭᠠᠵᠤ᠂ ᠬᠠᠮᠢᠶ᠎ᠠ ᠪᠦᠬᠦᠢ ᠨᠡᠶᠢᠳᠡᠮ ᠪᠠᠶᠢᠴᠠᠭᠠᠯᠲᠠ ᠶᠢᠨ ᠠᠰᠠᠭᠤᠳᠠᠯ ᠢ ᠦᠨᠡᠨ ᠪᠣᠳᠠᠲᠠᠶ ᠪᠠᠷ ᠬᠠᠷᠢᠭᠤᠯᠵᠤ᠂ ᠬᠥᠮᠦᠨ  ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠯᠠᠭᠤᠨ ᠢᠶᠠᠷ ᠳᠠᠮᠵᠢᠵᠤ᠂ ᠨᠡᠶᠢᠳᠡᠮ ᠪᠠᠶᠢᠴᠠᠭᠠᠭᠴᠢ ᠲᠠᠢ ᠬᠠᠮᠵᠢᠯᠴᠠᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠥᠷᠨᠢᠭᠦᠯᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号