ᠰᠢᠨ᠎ᠡ ᠨᠢᠭᠡ ᠦᠶ᠎ᠡ ᠶᠢᠨ ᠠᠵᠤ ᠦᠢᠯᠡᠳᠪᠤᠷᠢ ᠶᠢᠨ ᠢᠨᠲ᠋ᠧᠷ ᠰᠦᠯᠵᠢᠶ᠎ᠡ ᠬᠢᠬᠡᠳ ᠰᠢᠨ᠎ᠡ ᠬᠡᠯᠪᠡᠷᠢ ᠶᠢᠨ ᠤᠶᠤᠨᠳᠤ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠶᠡᠭᠡ ᠬᠤᠷᠠᠯ ᠬᠦᠭᠡᠬᠤᠳᠠ ᠳᠤ ᠬᠤᠷᠠᠯᠳᠤᠪᠠ    ᠮᠠ ᠫᠸᠢ ᠬᠤᠸᠠ  ᠪᠦ᠋ ᠰᠢᠶᠤᠤ ᠯᠢᠨ ᠬᠤᠷᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2020/11/16
     11 ᠰᠠᠷ᠎ᠡ ᠶᠢᠨ 14᠎ ᠤ ᠡᠳᠦᠷ᠂ ︽ᠰᠢᠨ᠎ᠡ ᠡᠬᠦᠳᠦᠯᠳᠡ ᠶᠢᠨ ᠬᠦᠳᠡᠯᠭᠡᠬᠦ ᠡᠨᠧᠷᠬᠢ ᠳᠤ ᠠᠭᠤᠰᠤᠯᠴᠠᠭᠤᠯᠵᠤ᠂ ᠲᠠᠯ᠎ᠡ ᠨᠤᠳᠤᠭ ᠤᠨ ᠤᠶᠤᠨᠳᠤ ᠬᠤᠳᠠ ᠶᠢ ᠪᠦᠳᠦᠭᠡᠨ ᠪᠠᠶᠢᠭᠤᠯᠤᠶ᠎ᠡ︾ ᠭᠡᠬᠦ ᠭᠤᠤᠯ ᠰᠡᠳᠦᠪᠳᠤ ᠰᠢᠨ᠎ᠡ ᠨᠢᠭᠡ ᠦᠶ᠎ᠡ ᠶᠢᠨ ᠠᠵᠤ ᠦᠢᠯᠡᠳᠪᠤᠷᠢ ᠶᠢᠨ ᠢᠨᠲ᠋ᠧᠷ ᠰᠦᠯᠵᠢᠶ᠎ᠡ ᠬᠢᠬᠡᠳ ᠰᠢᠨ᠎ᠡ ᠬᠡᠯᠪᠡᠷᠢ ᠶᠢᠨ ᠤᠶᠤᠨᠳᠤ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠶᠡᠭᠡ ᠬᠤᠷᠠᠯ ᠬᠦᠭᠡᠬᠤᠳᠠ ᠳᠤ ᠬᠤᠷᠠᠯᠳᠤᠪᠠ᠃      ᠠᠷᠪᠡᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠬᠦᠯᠡᠭᠴᠢ ᠮᠠ ᠫᠸᠢ ᠬᠤᠸᠠ ᠬᠤᠷᠠᠯ ᠳᠤ ᠤᠷᠤᠯᠴᠠᠬᠰᠡᠨ ᠪᠦᠭᠡᠳ ᠪᠠᠶᠠᠷ ᠤᠨ ᠦᠭᠡ ᠬᠡᠯᠡᠵᠤ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠳᠤ ᠤᠷᠤᠯᠴᠠᠵᠤ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠬᠦᠬᠡᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠬᠤᠷᠠᠯ ᠳᠤ ᠤᠷᠤᠯᠴᠠᠬᠰᠡᠨ ᠪᠦᠭᠡᠳ ᠪᠠᠶᠠᠷ ᠤᠨ ᠦᠭᠡ ᠬᠡᠯᠡᠵᠠᠢ᠃      ᠮᠠ ᠫᠸᠢ ᠬᠤᠸᠠ ᠪᠠᠶᠠᠷ ᠤᠨ ᠦᠭᠡ ᠳᠡᠭᠡᠨ᠂ ᠬᠦᠬᠡᠬᠤᠳᠠ ᠪᠤᠯ ᠮᠠᠨ ᠤ ᠤᠯᠤᠰ ᠤᠨ ᠲᠤᠮᠳᠠ ᠪᠠᠷᠠᠭᠤᠨ ᠤᠷᠤᠨ ᠳᠠᠬᠢ ᠵᠡᠬᠦᠨ ᠪᠠᠷᠠᠭᠤᠨ ᠤᠷᠤᠨ ᠢ ᠬᠤᠯᠪᠤᠵᠦ ᠪᠠᠶᠢᠭ᠎ᠠ ᠴᠢᠬᠤᠯᠠ ᠵᠠᠩᠭᠢᠯᠠᠭ᠎ᠠ ᠶᠢᠨ ᠴᠡᠭ᠂ ᠪᠦᠸᠧᠬᠠᠢ ᠲᠠᠩᠭᠢᠰ ᠢ ᠲᠤᠭᠤᠢᠢᠯᠠᠭᠰᠠᠨ ᠠᠵᠤ ᠠᠬᠤᠢ ᠶᠢᠨ ᠲᠤᠭᠤᠷᠢᠬ ᠬᠢᠬᠡᠳ ᠬᠦᠭᠡᠬᠤᠳᠠ ᠪᠤᠭᠤᠳᠤ ᠢᠷᠭᠠᠢ ᠲᠡᠮᠡᠭᠡᠳᠤ ᠶᠢᠨ ᠠᠵᠤ ᠠᠬᠤᠢ ᠶᠢᠨ ᠤᠷᠤᠨ ᠤ ᠴᠢᠬᠤᠯᠠ ᠬᠦᠢᠰᠤ ᠪᠤᠯᠬᠤ ᠪᠦᠭᠡᠳ ᠪᠠᠰᠠ ᠴᠤ ᠮᠠᠨ ᠤ ᠤᠯᠤᠰ ᠤᠨ ᠬᠠᠭᠤᠷᠠᠢ ᠵᠠᠮ ᠬᠢᠬᠡᠳ ᠠᠭᠠᠷ ᠤᠨ ᠠᠶᠠᠯᠠᠯ ᠤᠨ ᠪᠤᠭᠤᠮᠳᠠ ᠶᠢᠨ ᠮᠤᠩᠭᠤᠯ ᠤᠯᠤᠰ᠂ ᠤᠷᠤᠰ ᠵᠢᠴᠢ ᠵᠡᠬᠦᠨ ᠡᠸᠦ᠋ᠷᠤᠫᠠ ᠶᠢᠨ ᠤᠯᠤᠰ ᠤᠳ ᠲᠤ ᠨᠡᠪᠳᠡᠷᠡᠬᠦ ᠴᠢᠬᠤᠯᠠ ᠪᠠᠬᠢᠯᠡᠯᠳᠠ ᠪᠠᠶᠢᠵᠤ᠂ ᠭᠠᠵᠠᠷ ᠵᠦᠢ ᠶᠢᠨ ᠪᠠᠶᠢᠷᠢᠰᠢᠯ᠂ ᠤᠷᠤᠨ ᠪᠠᠶᠢᠷᠢ ᠶᠢᠨ ᠲᠠᠪᠠᠭᠤᠯᠢᠭ ᠪᠤᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠪᠠᠷ ᠮᠠᠰᠢ ᠴᠢᠬᠤᠯᠠ ᠶᠤᠮ᠃ ᠬᠦᠭᠡᠬᠤᠳᠠ ᠶᠢᠨ ᠠᠵᠤ ᠦᠢᠯᠡᠳᠪᠤᠷᠢ ᠶᠢᠨ ᠢᠨᠲ᠋ᠧᠷ ᠰᠦᠯᠵᠢᠶ᠎ᠡ ᠪᠤᠯᠤᠨ ᠤᠶᠤᠨᠳᠤ ᠬᠤᠳᠠ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠬᠤ ᠨᠢ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠠᠪᠰᠢᠬᠦᠯᠬᠦ᠂ ᠴᠢᠨᠠᠷ ᠰᠠᠶᠢᠳᠠᠢ ᠪᠠᠷ ᠬᠦᠭᠵᠢᠬᠦᠯᠬᠦ᠂ ᠤᠯᠤᠰ ᠤᠨ ᠲᠤᠳᠤᠭᠠᠳᠤ ᠪᠠ ᠤᠯᠠᠨ ᠤᠯᠤᠰ ᠤᠨ ᠬᠤᠤᠰ ᠤᠷᠴᠢᠯ ᠢ ᠲᠦᠷᠭᠡᠳᠭᠡᠬᠦ ᠳᠤ ᠴᠢᠬᠤᠯᠠ ᠠᠬᠢᠭᠤᠯᠬᠤ ᠦᠢᠯᠡᠳᠤᠯ ᠲᠠᠢ ᠶᠤᠮ᠂ ᠬᠦᠬᠡᠬᠤᠳᠠ ᠪᠤᠭᠤᠳᠤ ᠤᠷᠳᠤᠰ ᠲᠡᠮᠡᠭᠡᠳᠤ ᠶᠢᠨ ᠬᠤᠳᠠ ᠶᠢᠨ ᠪᠦᠯᠦᠭᠵᠢᠯ ᠵᠢᠴᠢ ᠬᠦᠭᠡᠬᠤᠳᠠ ᠪᠤᠭᠤᠳᠤ ᠤᠷᠳᠤᠰ ᠦᠬᠠᠢ ᠶᠢ ᠬᠠᠮᠵᠢᠯᠴᠠᠭᠤᠯᠤᠨ ᠬᠦᠭᠵᠢᠬᠦᠯᠬᠦ ᠳᠤ ᠴᠢᠬᠤᠯᠠ ᠲᠤᠯᠭᠠᠭᠤᠷᠢᠯᠠᠬᠤ ᠦᠢᠯᠡᠳᠤᠯ ᠲᠠᠢ ᠶᠤᠮ ᠭᠡᠵᠤ ᠬᠡᠯᠡᠪᠡ᠃      ᠸᠠᠩ ᠯᠢ ᠰᠢᠶᠠ ᠪᠠᠶᠠᠷ ᠤᠨ ᠦᠭᠡ ᠳᠡᠭᠡᠨ᠂ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠲᠡᠭᠡᠷ᠎ᠡ᠂ ᠶᠡᠷᠤᠩᠭᠡᠢ ᠱᠦᠵᠢ ᠰᠢ ᠶᠢᠨ ᠫᠢᠩ ᠡᠷᠡᠰ ᠭᠤᠶᠢᠪᠢᠰᠢ ᠦᠭᠡᠢ ᠪᠠᠷ ᠰᠦᠯᠵᠢᠶᠠᠨ ᠤ ᠬᠦᠴᠦᠷᠭᠡᠭ ᠤᠯᠤᠰ ᠪᠠ ᠲᠤᠭᠠᠴᠢᠯᠠᠬᠰᠡᠨ ᠲᠤᠮᠳᠠᠳᠤ ᠤᠯᠤᠰ ᠢ ᠪᠦᠳᠦᠭᠡᠨ ᠪᠠᠶᠢᠭᠤᠯᠵᠤ᠂ ᠲᠤᠭᠠᠴᠢᠯᠠᠬᠰᠠᠨ ᠬᠦᠭᠵᠢᠯᠳᠡ ᠶᠢ ᠲᠦᠷᠭᠡᠳᠭᠡᠨ᠂ ᠠᠵᠤ ᠦᠢᠯᠡᠰ ᠤᠨ ᠰᠠᠭᠤᠷᠢ ᠶᠢᠨ ᠲᠡᠭᠡᠳᠤ ᠲᠡᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ ᠤᠳᠤᠬᠢᠴᠢᠯᠠᠯᠳᠠ ᠶᠢ ᠠᠬᠢᠭᠤᠯᠵᠦ᠂ ᠠᠵᠤ ᠠᠬᠤᠢ ᠶᠢᠨ ᠬᠦᠭᠵᠢᠯᠳᠠ ᠶᠢᠨ ᠶᠠᠰᠤ ᠴᠢᠨᠠᠷ ᠦᠷ᠎ᠡ ᠠᠰᠢᠭ ᠪᠠ ᠭᠤᠤᠯᠯᠠᠬᠤ ᠦᠷᠢᠰᠦᠯᠳᠦᠬᠦ ᠬᠦᠴᠤᠨ ᠢ ᠲᠡᠭᠡᠭᠰᠢᠯᠡᠬᠦᠯᠬᠦ ᠴᠢᠬᠤᠯᠠ ᠱᠠᠭᠠᠷᠳᠠᠯᠭ᠎ᠠ ᠶᠢ ᠲᠤᠳᠤᠷᠬᠠᠢ ᠲᠤᠷᠠᠳᠴᠤ᠂ ︽ᠠᠷᠪᠡᠨ ᠲᠦᠷᠪᠡᠳᠤᠭᠡᠷ ᠲᠠᠪᠤᠨ ᠵᠢᠯ︾᠎ ᠤᠨ ᠬᠤᠭᠤᠴᠠᠭᠠᠨ ᠳᠤ ᠲᠤᠭᠠᠴᠢᠯᠠᠬᠰᠡᠨ ᠲᠤᠮᠳᠠᠳᠤ ᠤᠯᠤᠰ ᠢ ᠪᠦᠳᠦᠭᠡᠨ ᠪᠠᠶᠢᠭᠤᠯᠬᠤ ᠴᠢᠭᠯᠡᠯ ᠢ ᠲᠤᠳᠤᠷᠬᠠᠢᠢᠯᠠᠵᠤ ᠠᠯᠤᠰ ᠤᠨ ᠲᠦᠰᠦᠪ ᠢ ᠵᠢᠷᠤᠬᠯᠠᠪᠠ᠃ ᠦᠨᠤᠳᠤᠷ ᠤᠨ ᠬᠦᠭᠡᠬᠤᠳᠠ ᠲᠤᠭᠠᠴᠢᠯᠠᠬᠰᠠᠨ ᠠᠵᠤ ᠠᠬᠤᠢ ᠶᠢᠨ ᠲᠠᠯᠳᠠ ᠬᠦᠴᠤᠨ ᠢᠶᠠᠷ ᠯᠤᠳᠤ ᠶᠡᠭᠡ᠂ ᠬᠤᠳᠠᠯᠳᠤᠭᠠᠨ ᠤ ᠠᠵᠠ ᠲᠤᠬᠢᠶᠠᠯ ᠢᠶᠠᠷ ᠬᠢᠵᠠᠭᠠᠯᠠᠰᠢ ᠦᠭᠡᠢ ᠶᠡᠭᠡ ᠪᠠᠶᠢᠨ᠎ᠠ᠂ ᠲᠤᠭᠠᠴᠢᠯᠠᠬᠰᠡᠨ ᠠᠵᠤ ᠠᠬᠤᠢ ᠶᠢᠨ ᠰᠢᠨ᠎ᠡ ᠶᠢ ᠡᠬᠦᠳᠬᠦ ᠬᠦᠭᠵᠢᠯᠳᠠ ᠶᠢ ᠠᠬᠢᠭᠤᠯᠬᠤ ᠲᠠᠯ᠎ᠠ ᠪᠠᠷ ᠦᠡᠭᠭᠡᠷᠡᠭᠰᠡᠨ ᠤ ᠠᠯᠢ ᠴᠦ ᠦᠶ᠎ᠡ ᠠᠴᠠ ᠴᠦᠮ ᠨᠡᠩ ᠲᠠᠪᠠᠭᠤᠯᠢᠭ ᠲᠠᠢ᠂ ᠨᠡᠩ ᠴᠢᠳᠠᠪᠤᠷᠢ ᠲᠠᠢ᠂ ᠨᠡᠩ ᠢᠳᠡᠭᠡᠯ ᠲᠠᠢ ᠪᠠᠶᠢᠨ᠎ᠠ᠃ ᠲᠤᠰᠬᠠᠢ ᠮᠡᠷᠭᠡᠵᠢᠯᠳᠠᠨ᠂ ᠠᠵᠢᠯ ᠲᠦᠷᠦᠯ ᠤᠨ ᠴᠢᠳᠠᠪᠤᠷᠢᠳᠠᠨ ᠪᠤᠯᠤᠨ ᠰᠢᠨ᠎ᠡ ᠬᠠᠭᠤᠴᠢᠨ ᠨᠠᠶᠢᠵᠠ ᠨᠠᠷ ᠤᠨ ᠬᠦᠭᠡᠬᠤᠳᠠ ᠶᠢ ᠲᠠᠮᠵᠢᠵᠤ ᠪᠦᠳᠦᠭᠡᠨ ᠪᠠᠶᠢᠭᠤᠯᠤᠨ᠂ ︽ᠦᠵᠡᠰᠬᠦᠯᠡᠩᠳᠤ ᠰᠠᠶᠢᠬᠠᠨ ᠬᠦᠭᠡᠬᠤᠳᠠ᠂ ᠲᠠᠯ᠎ᠡ ᠨᠤᠳᠤᠭ ᠤᠨ ᠲᠦᠪ ᠬᠤᠳᠠ︾᠎ ᠶᠢ ᠬᠠᠮᠳᠤ ᠪᠠᠷ ᠬᠦᠭᠵᠢᠬᠦᠯᠬᠦ ᠶᠢ ᠬᠠᠯᠠᠭᠤᠨ ᠢᠶᠠᠷ ᠤᠬᠳᠤᠵᠤ ᠪᠠᠶᠢᠨ᠎ᠡ ᠭᠡᠵᠤ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号