ᠮᠠᠨ ᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠤᠯᠤᠰ ᠤᠨ ᠰᠠᠶᠢᠰᠢᠶᠠᠯ ᠬᠦᠬᠢᠭᠦᠯᠦᠯ ᠢ ᠬᠦᠷᠲᠡᠪᠡ
ᠨᠡᠶᠢᠲᠡᠯᠡᠭᠰᠡᠨ ᠴᠠᠭ᠄
2020/11/16
     ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯᠳᠤᠭᠤᠯᠤᠭᠰᠠᠨ ᠪᠥᠬᠦ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠤᠨ ᠳ᠋ᠦᠩᠨᠡᠯᠲᠡ ᠵᠢᠴᠢ ᠬᠥᠬᠢᠭᠦᠯᠦᠨ ᠰᠠᠶᠢᠰᠢᠶᠠᠬᠤ ᠲᠧᠯᠸᠢᠰ ᠳ᠋ᠢᠶᠠᠩᠬᠤᠸᠠ ᠬᠤᠷᠠᠯ ᠳᠡᠭᠡᠷ᠎ᠡ᠂ ᠪᠥᠬᠦ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠤᠨ ᠨᠡᠶᠢᠲᠡᠯᠢᠭ ᠭᠠᠵᠠᠷ ᠣᠷᠣᠨ ᠢ ᠵᠠᠷᠯᠠᠨ ᠰᠠᠶᠢᠰᠢᠶᠠᠵᠤ᠂ ᠲᠡᠷᠢᠭᠦᠨ ᠤ ᠬᠠᠮᠲᠤ ᠨᠡᠶᠢᠲᠡ ᠪᠠ ᠲᠡᠷᠢᠭᠦᠨ ᠤ ᠬᠤᠪᠢ ᠬᠥᠮᠦᠨ ᠢ ᠰᠠᠶᠢᠰᠢᠶᠠᠨ ᠬᠥᠬᠢᠭᠦᠯᠪᠡ᠃ ᠥᠪᠥᠷ ᠮᠣᠩᠭᠤᠯ ᠤᠨ ᠬᠢᠩᠭᠠᠨ ᠠᠶᠢᠮᠠᠭ᠂ ᠤᠯᠠᠭᠠᠨᠬᠤᠲᠠ᠂ ᠺᠠᠶᠢᠯᠦ ᠰᠢᠶᠠᠨ᠂ ᠦᠴᠤᠸᠠᠨ ᠰᠢᠶᠠᠨ᠂ ᠵᠢᠦᠶᠤᠸᠠᠨ ᠲᠣᠭᠤᠷᠢᠭ᠂ ᠦᠶᠤᠸᠠᠨ ᠰᠢᠶᠠᠨ᠂ ᠯᠢᠨ ᠡᠾᠧ ᠲᠣᠭᠤᠷᠢᠭ ᠨᠡᠶᠢᠲᠡᠯᠢᠭ ᠭᠠᠵᠠᠷ ᠣᠷᠣᠨ ᠤ ᠬᠤᠪᠢ ᠪᠠᠷ ᠵᠠᠷᠯᠠᠨ ᠰᠠᠶᠢᠰᠢᠶᠠᠭᠳᠠᠪᠠ᠃ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠨᠢ ᠲᠡᠷᠢᠭᠦᠨ ᠤ ᠬᠠᠮᠲᠤ ᠨᠡᠶᠢᠲᠡ᠂ ᠵᠠᠩ ᠮᠧᠩ᠂ ᠵᠦ ᠢᠦᠶ ᠯᠦᠩ᠂ ᠯᠢᠦᠶ ᠴᠦᠨ ᠷᠦᠩ ᠪᠣᠯᠤᠨ ᠵᠠᠩ ᠱᠤ᠋ ᠴᠧᠩ ᠲᠡᠷᠢᠭᠦᠨ ᠤ ᠬᠤᠪᠢ ᠬᠥᠮᠦᠨ ᠢᠶᠠᠷ ᠰᠠᠶᠢᠰᠢᠶᠠᠨ ᠬᠥᠬᠢᠭᠦᠯᠦᠭᠳᠡᠪᠡ᠃      ᠮᠠᠨ ᠤ ᠣᠷᠣᠨ 2014 ᠣᠨ ᠳᠤ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠡᠳᠦᠯᠲᠡᠶ ᠤᠳᠤᠷᠢᠳᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠦᠷᠢᠯᠳᠦᠭᠦᠯᠪᠡ᠃ ᠪᠦᠬᠦ ᠣᠷᠣᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠠᠷᠪᠠᠨ ᠠᠯᠬᠤᠮ ᠤᠨ ᠠᠵᠢᠯ ᠤᠨ  ᠠᠷᠭ᠎ᠠ ᠶᠢ ᠵᠢᠷᠤᠮᠵᠢᠭᠤᠯᠤᠨ᠂ ᠡᠷᠦᠬᠡ ᠳᠠᠷᠠᠭᠠᠯᠠᠨ ᠭᠠᠵᠠᠷ ᠤᠨ ᠡᠷᠬᠡ ᠶᠢᠨ ᠬᠠᠷᠢᠶᠠᠯᠠᠯ ᠢ ᠬᠢᠨᠠᠨ ᠬᠠᠷᠭᠤᠭᠤᠯᠵᠤ᠂ ᠵᠥᠷᠢᠴᠡᠯ ᠵᠢᠭᠤᠷᠠᠯᠳᠤᠭᠠᠨ ᠢ ᠢᠳᠡᠪᠬᠢᠲᠡᠢ ᠡᠶᠡᠳᠡᠭᠦᠯᠦᠨ ᠰᠢᠢᠳᠪᠦᠷᠢᠯᠡᠵᠦ᠂ ᠣᠷᠣᠨ ᠪᠠᠶᠢᠷᠢ ᠨᠢ ᠣᠨᠣᠪᠴᠢᠲᠠᠶ᠂ ᠲᠠᠯᠠᠪᠠᠶ ᠨᠢ ᠣᠨᠣᠪᠴᠢᠲᠠᠶ᠂ ᠵᠢᠷᠤᠭ ᠪᠠ ᠲᠠᠩᠰᠠ ᠨᠢ ᠲᠣᠬᠢᠷᠠᠯᠴᠠᠭᠰᠠᠨ ᠪᠠ ᠲᠠᠷᠢᠶᠠᠴᠢᠨ ᠡᠷᠦᠬᠡ ᠪᠠᠷ ᠮᠡᠳᠡᠷᠡᠭᠦᠯᠬᠦ ᠶᠢ ᠦᠨᠡᠨ ᠬᠦ ᠪᠡᠶᠡᠯᠡᠭᠦᠯᠵᠦ᠂ ᠳᠠᠭᠠᠭᠠᠴᠢᠯᠠᠭᠰᠠᠨ ᠭᠠᠵᠠᠷ ᠤᠨ ᠬᠡᠰᠡᠭ᠂ ᠲᠠᠯᠠᠪᠠᠢ᠂ ᠭᠡᠷ᠎ᠡ᠂ ᠡᠷᠬᠡ ᠶᠢᠨ ᠬᠠᠷᠢᠶ᠎ᠠ ᠶᠢᠨ ᠦᠨᠡᠮᠯᠡᠯ ︽ᠳᠥᠷᠪᠡ ᠶᠢ ᠡᠷᠦᠬᠡ ᠳᠤ ᠥᠭᠬᠦ︾᠎ ᠶᠢ ᠪᠡᠶᠡᠯᠡᠭᠦᠯᠪᠡ᠃ ᠣᠳᠣᠬᠠᠨ ᠳᠤ᠂ ᠪᠦᠬᠦ ᠣᠷᠣᠨ ᠤ 332 ᠲᠦᠮᠡᠨ ᠲᠠᠷᠢᠶᠠᠴᠢᠨ ᠡᠷᠦᠬᠡ ᠶᠢᠨ 9700 ᠲᠦᠮᠡᠨ ᠮᠦ ᠲᠠᠷᠢᠶᠠᠨ ᠭᠠᠵᠠᠷ ᠤᠨ ᠡᠷᠬᠡ ᠶᠢ ᠨᠤᠲᠠᠯᠠᠨ ᠲᠣᠭᠲᠠᠭᠠᠵᠤ᠂  ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠣᠯᠭᠤᠭᠰᠠᠨ ᠨᠣᠷᠮ᠎ᠠ 98%᠎ ᠳᠤ ᠬᠦᠷᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠳ᠋ᠠᠶᠢᠲ᠋ᠠ ᠬᠥᠮᠥᠷᠭᠡ ᠳᠤ ᠦᠷ᠎ᠡ ᠪᠦᠲᠦᠭᠡᠯ ᠢᠶᠠᠨ ᠨᠢᠭᠡᠨᠲᠡ ᠬᠤᠷᠢᠶᠠᠩᠭᠤᠶᠢᠯᠠᠨ ᠲᠤᠰᠢᠶᠠᠪᠠ᠃      ᠥᠪᠡᠷᠲᠡᠭᠡᠨ ᠵᠠᠰᠠᠬᠤ ᠣᠷᠣᠨ ᠠᠴᠠ ᠪᠦᠬᠦ ᠣᠷᠣᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠠᠵᠢᠯ ᠢ ᠪᠠᠶᠢᠴᠠᠭᠠᠵᠤ ᠳᠤᠲᠠᠭᠤᠳᠠᠯ ᠢᠶᠠᠨ ᠨᠥᠬᠦᠪᠦᠷᠢᠯᠡᠨ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠢᠳᠡᠪᠬᠢᠲᠡᠢ ᠦᠷᠨᠢᠭᠦᠯᠵᠦ᠂ ᠳᠠᠭᠠᠭᠠᠴᠢᠯᠠᠭᠰᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠮᠠᠯᠴᠢᠨ ᠲᠠᠷᠢᠶᠠᠴᠢᠳ ᠤᠨ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠡᠷᠬᠡ ᠠᠰᠢᠭ ᠢ ᠪᠠᠲᠤᠯᠠᠵᠤ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠣᠯᠭᠠᠬᠤ ᠶᠢ ᠰᠡᠷᠭᠡᠶᠢᠯᠡᠨ ᠬᠤᠷᠢᠭᠯᠠᠵᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠎ ᠨᠢ ᠲᠤᠯᠤᠭᠰᠠᠨ ᠤ ᠳᠠᠷᠠᠭ᠎ᠠ ᠳᠠᠭᠠᠭᠠᠴᠢᠯᠠᠯᠲᠠ ᠶᠢ ᠤᠷᠲᠤᠳᠬᠠᠬᠤ ᠲᠤᠷᠰᠢᠯᠲᠠ ᠶᠢᠨ ᠠᠵᠢᠯ ᠢ ᠢᠳᠡᠪᠬᠢᠲᠡᠢ ᠯᠠᠪᠳᠠᠭᠤᠨ ᠢᠶᠠᠷ ᠲᠦᠯᠬᠢᠨ ᠠᠬᠢᠭᠤᠯᠬᠤ ᠪᠠᠷ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号