ᠮᠠᠨ ᠤ ᠣᠷᠣᠨ ᠤ ᠬᠡᠲᠦ ᠺᠣᠮᠫᠢᠦ᠋ᠲ᠋ᠧᠷ ᠤᠨ ᠪᠣᠳᠣᠯᠭ᠎ᠠ ᠶᠢᠨ ᠴᠢᠳᠠᠪᠤᠷᠢ ᠬᠤᠶᠠᠷ ᠶᠡᠭᠡ ᠣᠨᠴᠠ ᠢᠷᠠᠭᠤ ᠠᠯᠳᠠᠷ ᠬᠦᠷᠲᠡᠵᠦ ᠤᠯᠤᠰ ᠤᠨ ᠬᠠᠮᠤᠭ ᠤᠨ ᠬᠦᠴᠦᠷᠬᠡᠭ ᠡᠩᠨᠡᠭᠡᠨ ᠳᠤ ᠣᠷᠣᠪᠠ
ᠨᠡᠶᠢᠲᠡᠯᠡᠭᠰᠡᠨ ᠴᠠᠭ᠄
2020/11/17
     11 ᠳ᠋ᠦ᠋ᠭᠡᠷ ᠰᠠᠷ᠎ᠠ ᠶᠢᠨ 15᠎ ᠤ ᠡᠳᠦᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠴᠢᠨᠠᠭᠰᠢᠯᠠᠪᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠠᠪᠴᠤ ᠬᠡᠯᠡᠭᠰᠡᠨ ᠴᠤ ᠴᠥᠮ ᠨᠢᠭᠡᠨ ᠪᠠᠶᠠᠷ ᠤᠨ ᠡᠳᠦᠷ ᠪᠣᠯᠵᠠᠶ᠃ ᠲᠤᠰ ᠡᠳᠦᠷ᠂ ᠮᠠᠨ ᠤ ᠣᠷᠣᠨ ᠤ ᠦᠨᠳᠦᠷ ᠴᠢᠳᠠᠪᠬᠢᠲᠤ ᠪᠤᠳᠤᠯᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ︽ᠬᠦᠬᠡᠬᠤᠲᠠ ᠶᠢᠨ ᠭᠡᠷᠡᠯ ᠭᠢᠯᠪᠠᠭ᠎ᠠ︾᠎ ᠨᠢ 2020 ᠣᠨ ᠤ ᠤᠯᠤᠰ ᠤᠨ ᠦᠨᠳᠦᠷ ᠴᠢᠳᠠᠪᠬᠢᠳᠤ ᠺᠣᠮᠫᠢᠦ᠋ᠲ᠋ᠧᠷ ᠤᠨ ᠴᠢᠳᠠᠪᠬᠢ Top100᠎ ᠶᠢᠨ ᠳᠥᠷᠪᠡᠳᠦᠭᠡᠷ ᠲᠤ ᠲᠣᠳᠣᠷᠠᠵᠤ᠂ ᠤᠯᠠᠨ ᠤᠯᠤᠰ ᠤᠨ ᠵᠣᠬᠢᠶᠠᠮᠠᠯ ᠤᠶᠤᠨ ᠴᠢᠳᠠᠪᠤᠷᠢ ᠶᠢᠨ ᠴᠢᠳᠠᠪᠬᠢ AIPerf500᠎ ᠶᠢᠨ ᠨᠡᠷᠡᠰ ᠤᠨ ᠵᠢᠭᠰᠠᠭᠠᠯᠲᠠ ᠳᠤ ᠵᠢᠷᠭᠤᠳᠤᠭᠠᠷ ᠲᠤ ᠲᠣᠳᠣᠷᠠᠪᠠ᠃      15᠎ ᠤ ᠡᠳᠦᠷ᠂ 2020 ᠣᠨ ᠤ ᠳᠤᠮᠳᠠᠳᠤ ᠤᠯᠤᠰ ᠤᠨ ᠦᠨᠳᠦᠷ ᠴᠢᠳᠠᠪᠬᠢᠳᠤ ᠺᠣᠮᠫᠢᠦ᠋ᠲ᠋ᠧᠷ ᠤᠨ ᠴᠢᠳᠠᠪᠬᠢ Top100 ᠪᠣᠯᠤᠨ ᠤᠯᠠᠨ ᠤᠯᠤᠰ ᠤᠨ ᠵᠣᠬᠢᠶᠠᠮᠠᠯ ᠤᠶᠤᠨ ᠴᠢᠳᠠᠪᠤᠷᠢ ᠶᠢᠨ ᠴᠢᠳᠠᠪᠬᠢ AIPerf500᠎ ᠶᠢᠨ ᠵᠢᠭᠰᠠᠭᠠᠯᠲᠠ ᠶᠢ ᠵᠢᠩᠬᠢᠨᠢ ᠪᠠᠷ ᠨᠡᠶᠢᠲᠡᠯᠡᠵᠦ᠂ ᠬᠤᠷᠢᠨᠭᠡᠷ ᠰᠢᠨ᠎ᠡ ᠲᠣᠭᠤᠷᠢᠭ ᠳᠡᠭᠡᠷ᠎ᠡ ᠳᠤᠷᠠᠳᠤᠭᠰᠠᠨ ᠬᠤᠶᠠᠷ ᠶᠡᠭᠡ ᠢᠷᠠᠭᠤ ᠠᠯᠳᠠᠷ ᠢ ᠬᠦᠷᠲᠡᠪᠡ᠃ ᠡᠨᠡ ᠨᠢ ᠮᠠᠨ ᠤ ᠣᠷᠣᠨ ᠤ ᠬᠡᠲᠦ ᠺᠣᠮᠫᠢᠦ᠋ᠲ᠋ᠧᠷ ᠤᠨ ᠪᠣᠳᠣᠯᠭ᠎ᠠ ᠶᠢᠨ ᠴᠢᠳᠠᠪᠤᠷᠢ ᠤᠯᠤᠰ ᠤᠨ ᠬᠠᠮᠤᠭ ᠤᠨ ᠬᠦᠴᠦᠷᠬᠡᠭ ᠡᠩᠨᠡᠭᠡᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠦᠸᠧ ᠴᠢᠩ ᠲᠠᠨᠢᠯᠴᠠᠭᠤᠯᠬᠤ ᠳᠤ ᠪᠠᠨ᠂ ᠮᠠᠨ ᠤ ᠣᠷᠣᠨ ᠤ ᠥᠨᠳᠥᠷ ᠴᠢᠳᠠᠪᠬᠢᠲᠤ ᠪᠣᠳᠣᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ︽ᠬᠦᠬᠡᠬᠤᠲᠠ ᠶᠢᠨ ᠭᠡᠷᠡᠯ ᠭᠢᠯᠪᠠᠭ᠎ᠠ︾᠎ ᠶᠢᠨ ᠪᠡᠯᠡ ᠣᠷᠣᠭᠤᠯᠤᠯᠲᠠ ᠶᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠭᠤᠣᠯᠯᠠᠨ ᠬᠠᠮᠢᠶᠠᠷᠴᠤ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠪᠣᠳᠠᠲᠠᠢ ᠪᠦᠲᠦᠭᠡᠨ ᠪᠠᠶᠢᠭᠤᠯᠬᠤ ᠡᠭᠦᠷᠭᠡ ᠶᠢ ᠡᠭᠦᠷᠭᠡᠯᠡᠪᠡ ᠭᠡᠵᠡᠢ᠃      ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠤ ᠦᠨᠳᠦᠷ  ᠴᠢᠳᠠᠪᠬᠢᠲᠤ ᠪᠣᠳᠣᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ︽ᠬᠦᠬᠡᠬᠤᠲᠠ ᠶᠢᠨ ᠬᠡᠷᠡᠯ ᠭᠢᠯᠪᠠᠭ᠎ᠠ︾ ᠲᠥᠬᠦᠭᠡᠷᠦᠮᠵᠢ ᠳᠤ 3 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠵᠤ᠂ ᠣᠳᠣᠬᠠᠨ ᠳᠤ ᠨᠢᠭᠡᠨᠲᠡ ᠡᠬᠡ ᠤᠯᠤᠰ ᠤᠨ ᠤᠮᠠᠷᠠᠲᠤ ᠬᠢᠯᠢ ᠶᠢᠨ ᠬᠠᠮᠤᠭ ᠤᠨ ᠶᠡᠭᠡ ᠬᠡᠪᠴᠢᠶᠡᠨ ᠤ ᠬᠡᠷᠡᠭᠯᠡᠭᠡᠨ ᠤ ᠬᠡᠯᠪᠡᠷᠢ ᠶᠢᠨ ᠦᠨᠳᠦᠷ ᠴᠢᠳᠠᠪᠬᠢᠲᠤ ᠪᠣᠳᠣᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠣᠯᠵᠤ᠂ ᠳᠡᠭᠡᠳᠦ ᠲᠡᠰ ᠤᠨ ᠰᠢᠨᠵᠢᠯᠡᠬᠦ ᠤᠬᠠᠭᠠᠨᠴᠢ ᠪᠣᠳᠣᠯᠭ᠎ᠠ ᠪᠣᠯᠣᠨ ᠶᠡᠭᠡ ᠬᠡᠪᠴᠢᠶᠡᠨ ᠤ ᠵᠣᠬᠢᠶᠠᠮᠠᠯ ᠣᠶᠤᠨ ᠴᠢᠳᠠᠪᠤᠷᠢ ᠶᠢᠨ ᠪᠣᠯᠪᠠᠰᠤᠷᠠᠯ ᠤᠨ ᠬᠡᠷᠡᠭᠴᠡᠭᠡ ᠶᠢ ᠬᠠᠮᠲᠤ ᠳᠤ ᠨᠢ ᠬᠠᠩᠭᠠᠵᠤ ᠴᠢᠳᠠᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠤ᠂ ᠠᠵᠢᠯ ᠲᠥᠷᠥᠯ ᠤᠨ ᠬᠦᠷᠢᠶᠡᠨ ᠳᠠᠬᠢ ᠣᠷᠦ᠋ᠢᠯᠠᠭᠰᠠᠨ ᠶᠡᠭᠡ ᠬᠡᠪᠴᠢᠶᠡᠨ ᠤ ᠵᠣᠬᠢᠶᠠᠮᠠᠯ ᠣᠶᠤᠨ ᠴᠢᠳᠠᠪᠤᠷᠢ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠪᠡᠶᠡᠯᠡᠭᠦᠯᠪᠡ᠃
     ᠵᠢᠷᠤᠭ ᠪᠣᠯ ᠮᠠᠨ ᠤ ᠣᠷᠣᠨ ᠤ ᠦᠨᠳᠦᠷ ᠴᠢᠳᠠᠪᠬᠢᠲᠤ ᠪᠤᠳᠤᠯᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ︽ᠬᠦᠬᠡᠬᠤᠲᠠ ᠶᠢᠨ ᠬᠡᠷᠡᠯ ᠭᠢᠯᠪᠠᠭ᠎ᠠ︾᠎ ᠶᠢᠨ ᠳᠣᠲᠣᠭᠠᠳᠤ ᠦᠵᠡᠮᠵᠢ ᠪᠣᠯᠤᠨ᠎ᠠ᠃      ᠯᠦᠸᠧ ᠴᠢᠩ ᠬᠡᠯᠡᠬᠦ ᠳᠤ ᠪᠠᠨ᠂ ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠤ ᠨᠢᠭᠡᠨᠲᠡ ᠬᠠᠷᠠᠭ᠎ᠠ ᠮᠣᠬᠤᠭᠠᠭᠰᠠᠨ ᠵᠣᠬᠢᠶᠠᠮᠠᠯ ᠣᠶᠤᠨ ᠴᠢᠳᠠᠪᠤᠷᠢ ᠶᠢᠨ ᠬᠡᠲᠦ ᠪᠣᠳᠣᠯᠭ᠎ᠠ ᠶᠢᠨ ᠲᠠᠪᠴᠠᠩ᠂ ᠳᠣᠷᠣᠨᠠᠳᠠᠬᠢᠨ ᠤ ᠬᠡᠲᠦ ᠪᠣᠳᠣᠯᠭ᠎ᠠ ᠶᠢᠨ ᠡᠭᠦᠯᠡ ᠥᠪᠥᠷ ᠮᠣᠩᠭᠤᠯ ᠤᠨ ᠬᠡᠲᠦ ᠶᠡᠭᠡ ᠲᠠᠷᠢᠬᠢᠨ ᠤ ᠲᠥᠷᠥᠯ ᠵᠦᠢᠯ ᠵᠡᠷᠭᠡ ᠣᠯᠠᠨ ᠢᠵᠢ ᠬᠡᠲᠦ ᠪᠣᠳᠣᠯᠭ᠎ᠠ ᠶᠢᠨ ᠲᠠᠪᠴᠠᠩ ᠰᠢᠨ᠎ᠡ ᠲᠣᠭᠤᠷᠢᠭ ᠲᠤ ᠨᠤᠲᠤᠭᠰᠢᠨ ᠰᠠᠭᠤᠵᠤ᠂ ᠦᠨᠳᠦᠷ ᠴᠢᠳᠠᠪᠬᠢᠲᠤ ᠪᠣᠳᠣᠯᠭ᠎ᠠ ᠶᠢᠨ ᠶᠡᠷᠦᠩᠬᠡᠶ ᠴᠢᠳᠠᠪᠤᠷᠢ ᠪᠠ ᠬᠡᠪᠴᠢᠶ᠎ᠡ ᠨᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠤᠵᠠᠢ ᠭᠡᠪᠡ᠃      ᠳᠤᠮᠳᠠᠳᠤ ᠤᠯᠤᠰ ᠤᠨ ᠦᠨᠳᠦᠷ ᠴᠢᠳᠠᠪᠬᠢᠲᠤ ᠺᠣᠮᠫᠢᠦ᠋ᠲ᠋ᠧᠷ ᠤᠨ ᠴᠢᠳᠠᠪᠬᠢ TOP100᠎ ᠶᠢᠨ ᠨᠡᠷᠡᠰ ᠤᠨ ᠵᠢᠭᠰᠠᠭᠠᠯᠲᠠ ᠶᠢ 2002 ᠣᠨ ᠠᠴᠠ ᠡᠬᠢᠯᠡᠨ ᠨᠡᠶᠢᠲᠡᠯᠡᠵᠦ᠂ ᠵᠢᠯ ᠪᠦᠷᠢ ᠨᠢᠭᠡ ᠤᠳᠠᠭ᠎ᠠ ᠨᠡᠶᠢᠲᠡᠯᠡᠳᠡᠭ ᠤᠨ ᠵᠣᠷᠢᠯᠭ᠎ᠠ ᠨᠢ ᠳᠤᠮᠳᠠᠳᠤ ᠤᠯᠤᠰ ᠤᠨ ᠬᠡᠲᠦ ᠺᠣᠮᠫᠢᠦ᠋ᠲ᠋ᠧᠷ ᠤᠨ ᠬᠦᠷᠢᠶᠡᠨ ᠳᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠬᠤ ᠶᠢᠨ ᠲᠥᠯᠥᠭᠡ ᠶᠤᠮ᠃      ᠡᠨᠡ ᠵᠢᠯ ᠪᠡᠭᠡᠵᠢᠩ ᠳᠤ ᠶᠠᠪᠤᠭᠳᠠᠭᠰᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠡᠳᠦ ᠪᠣᠳᠣᠯᠭ᠎ᠠ ᠶᠢᠨ ᠴᠢᠳᠠᠪᠤᠷᠢ ᠶᠢᠨ ᠶᠡᠭᠡ ᠬᠤᠷᠠᠯ ᠳᠡᠭᠡᠷ᠎ᠡ᠂ ᠣᠯᠠᠨ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ ᠴᠢᠳᠠᠪᠬᠢ ᠶᠢᠨ ᠵᠢᠭᠰᠠᠭᠠᠯᠲᠠ AIPerf500 ᠠᠩᠬ᠎ᠠ ᠤᠳᠠᠭ᠎ᠠ ᠨᠡᠷᠡᠰ ᠤᠨ ᠵᠢᠭᠰᠠᠭᠠᠯᠲᠠ ᠪᠠᠨ ᠨᠡᠶᠢᠲᠡᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号