ᠦᠪᠦᠷ ᠵᠠᠰᠠᠭ ᠠᠯᠪᠠᠨ ᠲᠠᠷᠬᠠᠭᠠᠭᠰᠠᠨ ﹇2020﹈ 38 ᠳ᠋ᠤᠭᠠᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ᠂ ᠬᠤᠰᠢᠭᠤ ᠰᠢᠶᠠᠨ ᠤ | ᠱᠠᠲᠤᠨ ᠤ ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ | ᠵᠥᠪᠰᠢᠶᠡᠷᠡᠭᠦᠯᠬᠦ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | | 2020 ᠣᠨ ᠤ 10 ᠳ᠋ᠤᠭᠠᠷ ᠰᠠᠷ᠎ᠠ ᠶᠢᠨ 31 ᠤ ᠡᠳᠦᠷ | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ | ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ | | | ᠮᠠᠨ ᠤ ᠣᠷᠣᠨ ᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠠᠵᠢᠯ ᠢ | ᠵᠢᠷᠤᠮᠵᠢᠭᠤᠯᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠢᠨᠠᠷ ᠴᠢᠨᠰᠠᠭ᠎ᠠ ᠶᠢ ᠪᠠᠲᠤᠯᠠᠨ᠂ | ᠲᠥᠯᠥᠪᠵᠢᠭᠦᠯᠭᠡ ᠪᠠᠨ ᠠᠮᠢ ᠠᠬᠤᠶ ᠶᠢ ᠤᠷᠢᠳ ᠢᠶᠠᠷ ᠪᠣᠳᠣᠯᠬᠢᠯᠠᠵᠣ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠰᠢᠨ᠎ᠡ ᠵᠠᠮ ᠢᠶᠠᠷ ᠵᠠᠮᠨᠠᠬᠤ ᠱᠠᠭᠠᠷᠳᠠᠯᠭ᠎ᠠ ᠳᠤ ᠨᠡᠶᠢᠴᠡᠭᠦᠯᠭᠦ ᠶᠢ ᠦᠨᠡᠨ ᠬᠦ | ᠪᠠᠲᠤᠯᠠᠬᠤ ᠶᠢᠨ ᠲᠤᠰᠠᠳᠠ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠶ ᠶᠢᠨ ᠡᠬᠢ | ᠪᠠᠶᠠᠯᠢᠭ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠶ ᠶᠢᠨ ᠡᠬᠢ | ᠪᠠᠶᠠᠯᠢᠭ ᠤᠨ ᠬᠠᠤᠯᠢ ᠶᠢ ᠬᠡᠷᠡᠭᠵᠢᠭᠦᠯᠬᠦ ᠨᠠᠷᠢᠨ ᠲᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ︾ ︽ᠲᠦᠯᠦᠪᠵᠢᠭᠦᠯᠭᠡ ᠶᠢᠨ ᠣᠷᠴᠢᠨ | ᠲᠣᠭᠤᠷᠢᠨ ᠤ ᠨᠥᠯᠥᠭᠡᠯᠡᠯ ᠢ ᠦᠨᠡᠯᠡᠬᠦ ᠳᠦᠷᠢᠮ︾ ︽ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠬᠡᠷᠡᠭᠵᠢᠭᠦᠯᠬᠦ ᠠᠷᠭ᠎ᠠ︾ ︽ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ︵ | 2021 — 2025 ᠤᠨ︶ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠠᠷᠬᠠᠭᠠᠭᠰᠠᠨ〔 2020 | 〕 43 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠣ᠂ ᠲᠣᠰ ᠠᠷᠭ᠎ᠠ ᠶᠢ | ᠲᠣᠭᠲᠠᠭᠠᠪᠠ᠃ | ᠨᠢᠭᠡ᠂ ᠬᠢᠨᠠᠨ ᠵᠥᠪᠰᠢᠶᠡᠷᠡᠬᠦ ᠡᠷᠬᠡ ᠮᠡᠳᠡᠯ | ︵ᠨᠢᠭᠡ︶ ᠠᠶᠢᠮᠠᠭ ᠬᠤᠲᠠ ᠶᠢᠨ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠬᠦᠯᠬᠡ᠃ | ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠬᠦᠯᠬᠡ᠂ ᠠᠶᠢᠮᠠᠭ ᠬᠤᠲᠠ ᠶᠢᠨ | ᠬᠠᠮᠢᠶ᠎ᠠ ᠪᠦᠬᠦᠢ ᠲᠥᠯᠥᠪᠵᠢᠭᠦᠯᠭᠡ ᠲᠠᠢ ᠵᠣᠯᠭᠠᠭᠤᠯᠤᠭᠰᠠᠨ ᠰᠠᠭᠤᠷᠢᠨ ᠳᠡᠭᠡᠷ᠎ᠡ᠂ ᠲᠦᠯᠦᠪᠵᠢᠬᠦᠯᠬᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠬᠢᠨᠠᠨ | ᠵᠥᠪᠰᠢᠶᠡᠷᠡᠭᠦᠯᠦᠨ᠎ᠡ᠃ | ︵ᠬᠤᠶᠠᠷ︶ ᠬᠤᠰᠢᠭᠤ ᠰᠢᠶᠠᠨ ᠤ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠬᠦᠯᠬᠡ᠃ | ᠠᠶᠢᠮᠠᠭ ᠬᠤᠲᠠ ᠶᠢᠨ ᠠᠭᠤᠷᠬᠠᠢ ᠶᠢᠨ ᠡᠬᠢ ᠪᠠᠶᠠᠯᠢᠭ ᠤᠨ ᠲᠦᠯᠦᠪᠵᠢᠬᠦᠯᠬᠡ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠬᠠᠮᠢᠶ᠎ᠠ ᠪᠦᠬᠦᠢ ᠲᠥᠯᠥᠪᠵᠢᠭᠦᠯᠭᠡ ᠲᠠᠢ ᠵᠣᠯᠭᠠᠭᠤᠯᠤᠭᠰᠠᠨ ᠰᠠᠭᠤᠷᠢᠨ ᠳᠡᠭᠡᠷ᠎ᠡ᠂ ᠲᠦᠯᠦᠪᠵᠢᠬᠦᠯᠬᠡ | ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠠᠶᠢᠮᠠᠭ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠬᠢᠨᠠᠨ | ᠵᠥᠪᠰᠢᠶᠡᠷᠡᠭᠦᠯᠦᠨ᠎ᠡ᠃ | ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠭᠤᠷᠬᠠᠶ ᠶᠢᠨ ᠡᠬᠢ ᠪᠠᠶᠠᠯᠢᠭ ᠤᠨ ᠲᠤᠰᠬᠠᠶ | ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠡᠷᠬᠡ ᠮᠡᠳᠡᠯ ᠳᠤ ︽ᠠᠭᠤᠷᠬᠠᠶ ᠶᠢᠨ ᠡᠬᠢ | ᠪᠠᠶᠠᠯᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠡᠷᠡᠭᠵᠢᠭᠦᠯᠬᠦ ᠠᠷᠭ᠎ᠠ︾ ᠪᠠᠷ ᠯᠠᠪᠯᠠᠯᠲᠠ | ᠪᠣᠯᠭᠠᠨ ᠬᠡᠷᠡᠭᠵᠢᠭᠦᠯᠦᠨ᠎ᠡ᠃ | ᠬᠤᠶᠠᠷ᠂ ᠬᠢᠨᠠᠨ ᠪᠠᠶᠢᠴᠠᠭᠠᠬᠤ ᠦᠨᠳᠦᠰᠦᠯᠡᠯ | ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠡᠬᠢ ᠪᠠᠶᠠᠯᠢᠭ ᠤᠨ | ᠬᠠᠤᠯᠢ︾ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠪᠠ ᠲᠣᠭᠲᠠᠭᠠᠯ᠃ | ︵ᠬᠤᠶᠠᠷ︶ ︽ᠪᠦᠬᠦ ᠤᠯᠤᠰ ᠤᠨ ᠠᠭᠤᠷᠬᠠᠶ ᠶᠢᠨ ᠡᠬᠢ ᠪᠠᠶᠠᠯᠢᠭ ᠤᠨ ᠲᠥᠯᠥᠪᠵᠢᠭᠦᠯᠭᠡ ︵2021 — | 2025 ᠣᠨ︶︾ ᠃ | ︵ᠭᠤᠷᠪᠠ︶ ︽ᠲᠦᠯᠦᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠦᠷᠢᠮ︾᠃ | ︵ᠲᠦᠷᠪᠡ︶ ᠳᠡᠭᠡᠳᠦ ᠱᠠᠲᠤᠨ ᠤ ᠪᠠ ᠲᠤᠰ ᠱᠠᠲᠤᠨ ᠤ ᠤᠯᠤᠰ ᠠᠷᠠᠳ ᠤᠨ ᠠᠵᠤ ᠠᠬᠤᠶ ᠶᠢᠨ | ᠬᠥᠭᠵᠢᠯᠲᠡ ᠶᠢᠨ ᠲᠥᠯᠥᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ | ᠵᠢᠴᠢ ᠪᠤᠰᠤᠳ ᠬᠠᠮᠢᠶ᠎ᠠ ᠪᠦᠬᠦᠢ ᠲᠥᠯᠥᠪᠵᠢᠭᠦᠯᠭᠡ᠃ | ︵ᠲᠠᠪᠤ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠡᠬᠢ ᠪᠠᠶᠠᠯᠢᠭ ᠢ ᠬᠠᠶᠢᠨ | ᠪᠠᠶᠢᠴᠠᠭᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠳᠤ ᠬᠤᠯᠪᠣᠭᠳᠠᠭᠰᠠᠨ ᠡᠯ᠎ᠡ ᠵᠦᠢᠯ ᠤᠨ ᠴᠢᠭᠯᠡᠯᠲᠡ᠂ | ᠲᠥᠷᠥ ᠶᠢᠨ ᠪᠣᠳᠣᠯᠭ᠎ᠠ᠃ | ︵ᠵᠢᠷᠭᠤᠭ᠎ᠠ︶ ᠵᠥᠪᠰᠢᠶᠡᠷᠡᠭᠦᠯᠦᠭᠡᠳ ᠪᠠᠶᠢᠭ᠎ᠠ ᠳᠡᠭᠡᠳᠦ ᠨᠢᠭᠡ ᠱᠠᠲᠤᠨ ᠤ ᠠᠭᠤᠷᠬᠠᠶ ᠶᠢᠨ ᠡᠬᠢ | ᠪᠠᠶᠠᠯᠢᠭ ᠤᠨ ᠲᠥᠯᠥᠪᠵᠢᠭᠦᠯᠭᠡ᠃ | ︵ᠳᠣᠯᠤᠭ᠎ᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠰᠢᠶᠠᠨ ᠤ ᠱᠠᠲᠤᠨ ᠤ | ᠠᠭᠤᠷᠬᠠᠢ ᠶᠢᠨ ᠡᠬᠢ ᠪᠠᠶᠠᠯᠢᠭ ᠤᠨ ᠳᠥᠷᠪᠡᠳᠦᠭᠡᠷ ᠡᠭᠡᠯᠵᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠮᠡᠷᠭᠡᠵᠢᠯ ᠤᠨ ᠳᠦᠷᠢᠮ︾᠃ | ︵ᠨᠠᠢᠮᠠ︶ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠶᠢᠨ ᠪᠠᠷᠢᠮᠵᠢᠶ᠎ᠠ | ᠪᠠ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ᠃ | ︵ᠶᠢᠰᠦ︶ ᠲᠤᠰᠬᠠᠶ ᠮᠡᠷᠭᠡᠵᠢᠯᠲᠡᠣᠨ ᠠᠴᠠ ᠠᠰᠠᠭᠤᠨ ᠯᠠᠪᠯᠠᠭᠰᠠᠨ ᠪᠤᠶᠤ ᠬᠢᠨᠠᠨ ᠲᠣᠭᠲᠠᠭᠠᠭᠰᠠᠨ ᠰᠠᠨᠠᠯ ᠤᠨ | ᠪᠢᠴᠢᠭᠯᠡᠯ ᠮᠠᠲ᠋ᠧᠷᠢᠶᠠᠯ᠃ | ᠭᠤᠷᠪᠠ᠂ ᠬᠢᠨᠠᠨ ᠪᠠᠶᠢᠴᠠᠭᠠᠬᠤ ᠠᠭᠤᠯᠭ᠎ᠠ | ︵ᠨᠢᠭᠡ︶ ᠲᠦᠯᠦᠪᠵᠢᠬᠦᠯᠬᠡ ᠨᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠦᠯᠦᠪᠵᠢᠬᠦᠯᠬᠡ᠂ ᠤᠯᠤᠰ ᠤᠨ ᠨᠤᠳᠤᠭ ᠲᠡᠪᠢᠰᠬᠡᠷ ᠤᠨ ᠣᠷᠣᠨ ᠵᠠᠶ ᠶᠢᠨ ᠲᠦᠯᠦᠪᠵᠢᠬᠦᠯᠬᠡᠵᠢᠴᠢ ︽ᠭᠤᠷᠪᠠᠨ | ᠣᠷᠣᠨ ᠭᠤᠷᠪᠠᠨ ᠱᠤᠭᠤᠮ︾ ᠤᠨ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠡᠰᠡᠬᠦ᠂ | ᠳᠡᠭᠡᠳᠦ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ ᠶᠢ ᠨᠠᠷᠢᠯᠢᠭᠵᠢᠭᠤᠯᠵᠤ | ᠨᠠᠶᠢᠳᠠᠪᠤᠷᠢᠵᠢᠭᠤᠯᠤᠭᠰᠠᠨ ᠡᠰᠡᠬᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠰ ᠱᠠᠲᠤᠨ ᠤ ᠬᠠᠮᠢᠶ᠎ᠠ ᠪᠦᠬᠦᠢ ᠲᠥᠯᠥᠪᠵᠢᠭᠦᠯᠭᠡ ᠲᠠᠢ ᠵᠣᠯᠭᠠᠭᠤᠯᠤᠭᠰᠠᠨ | ᠡᠰᠡᠬᠦ᠃ | ︵ᠬᠤᠶᠠᠷ︶ ᠲᠥᠯᠥᠪᠵᠢᠭᠦᠯᠭᠡ ᠶᠢᠨ ᠭᠤᠣᠯ ᠠᠭᠤᠯᠭ᠎ᠠ ᠨᠢ ᠪᠦᠬᠦ ᠲᠠᠯ᠎ᠠ ᠶᠢᠨ ᠪᠥᠭᠡᠳ ᠰᠢᠰᠲ᠋ᠧᠮ ᠲᠠᠢ | ᠪᠠᠶᠢᠬᠤ ᠡᠰᠡᠬᠦ᠂ ᠬᠥᠭᠵᠢᠯᠲᠡ ᠶᠢ ᠪᠠᠲᠤᠯᠠᠬᠤ ᠪᠠ ᠡᠬᠢ ᠪᠠᠶᠠᠯᠢᠭ ᠢ ᠬᠠᠮᠠᠭᠠᠯᠠᠬᠤ ᠬᠠᠷᠢᠴᠠᠭ᠎ᠠ ᠪᠠᠨ ᠵᠥᠪ | ᠰᠢᠢᠳᠪᠦᠷᠢᠯᠡᠭᠰᠡᠨ ᠡᠰᠡᠬᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠡᠬᠢ ᠪᠠᠶᠠᠯᠢᠭ ᠢ ᠥᠨᠳᠥᠷ | ᠪᠦᠲᠦᠮᠵᠢᠲᠡᠢ ᠠᠰᠢᠭᠯᠠᠬᠤ ᠶᠢ ᠠᠬᠢᠭᠤᠯᠬᠤ ᠵᠡᠷᠭᠡ ᠠᠵᠤ ᠦᠢᠯᠡᠰ ᠤᠨ ᠲᠠᠯ᠎ᠠ ᠪᠠᠷ ᠬᠢ ᠤᠯᠤᠰ ᠤᠨ ᠲᠥᠷᠥ ᠶᠢᠨ | ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ᠂ ᠲᠣᠰ ᠭᠠᠵᠠᠷ ᠣᠷᠣᠨ ᠤ ᠪᠠᠶᠢᠷᠢ ᠲᠣᠭᠲᠠᠭᠠᠯᠲᠠ᠂ ᠵᠠᠬ᠎ᠠ | ᠳᠡᠯᠭᠡᠭᠦᠷ ᠤᠨ ᠠᠵᠤ ᠠᠬᠤᠶ ᠶᠢᠨ ᠵᠢᠮ᠎ᠡ ᠶᠣᠰᠣ ᠪᠠ ᠭᠠᠵᠠᠷ ᠰᠢᠨᠵᠢᠯᠡᠭᠡᠨ ᠤ ᠠᠵᠢᠯ ᠤᠨ ᠵᠢᠮ᠎ᠡ ᠶᠣᠰᠣ ᠶᠢ | ᠵᠢᠷᠤᠮᠯᠠᠬᠤ ᠳᠤ ᠨᠡᠶᠢᠴᠡᠭᠰᠡᠨ ᠪᠠᠶᠢᠬᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠣ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃ | ︵ᠭᠤᠷᠪᠠ︶ ᠲᠥᠯᠥᠪᠵᠢᠭᠦᠯᠭᠡ ᠨᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ᠂ ᠠᠭᠤᠷᠬᠠᠶ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ᠂ ᠪᠣᠬᠢᠷᠲᠤᠯ ᠦᠭᠡᠶ ᠠᠭᠤᠷᠬᠠᠶ ᠶᠢ ᠪᠦᠲᠦᠭᠡᠨ ᠪᠠᠶᠢᠭᠤᠯᠬᠤ ᠪᠠ | ᠠᠭᠤᠷᠬᠠᠶ ᠶᠢᠨ ᠣᠷᠣᠨ ᠤ ᠠᠮᠢ ᠠᠬᠤᠶ ᠶᠢ ᠦᠩᠵᠢᠭᠦᠯᠦᠨ ᠰᠡᠷᠭᠦᠭᠡᠬᠦ ᠵᠡᠷᠭᠡ ᠣᠨᠴᠠ ᠲᠣᠭᠲᠠᠭᠠᠭᠰᠠᠨ ᠬᠦᠷᠢᠶ᠎ᠡ | ᠬᠡᠪᠴᠢᠶ᠎ᠡ ᠪᠤᠶᠤ ᠴᠢᠬᠤᠯᠠ ᠲᠥᠷᠥᠯ ᠤᠨ ᠠᠭᠤᠷᠬᠠᠶ᠂ ᠭᠤᠤᠯᠳᠠᠯᠭ᠎ᠠ ᠲᠠᠢ ᠣᠷᠣᠨ ᠪᠦᠰᠡ ᠳᠠᠬᠢ ᠭᠠᠵᠠᠷ | ᠰᠢᠨᠵᠢᠯᠡᠭᠡᠨ ᠤ ᠬᠠᠶᠢᠨ ᠪᠠᠶᠢᠴᠠᠭᠠᠯᠳᠠ᠂ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ | ᠵᠢᠴᠢ ᠬᠠᠮᠢᠶ᠎ᠠ ᠪᠦᠬᠦᠢ ᠠᠵᠢᠯᠯᠠᠭ᠎ᠠ ᠳᠤ ᠪᠣᠳᠠᠲᠠᠶ ᠲᠣᠬᠢᠷᠠᠭᠤᠯᠤᠯᠲᠠ ᠬᠢᠵᠦ᠂ ᠡᠬᠢ ᠪᠠᠶᠠᠯᠢᠭ ᠢ ᠬᠠᠮᠠᠭᠠᠯᠠᠬᠤ᠂ | ᠪᠣᠬᠢᠷᠲᠤᠯ ᠦᠭᠡᠢ ᠬᠥᠭᠵᠢᠭᠦᠯᠬᠦ᠂ ᠶᠡᠷᠦᠩᠬᠡᠶᠢᠯᠡᠨ ᠬᠠᠶᠢᠨ ᠪᠠᠶᠢᠴᠠᠭᠠᠬᠤ᠂ ᠵᠣᠬᠢᠰᠲᠠᠶ ᠨᠡᠭᠡᠭᠡᠨ ᠮᠠᠯᠲᠠᠬᠤ᠂ ᠠᠷᠪᠢᠯᠠᠨ | ᠭᠠᠮᠨᠠᠵᠤ ᠡᠷᠴᠢᠮᠵᠢᠭᠦᠯᠬᠦ᠂ ᠶᠡᠷᠦᠩᠬᠡᠶᠢᠯᠡᠨ ᠠᠰᠢᠭᠯᠠᠬᠤ ᠶᠢ ᠢᠯᠡᠳᠬᠡᠭᠰᠡᠨ ᠡᠰᠡᠬᠦ᠃ | ︵ᠳᠥᠷᠪᠡ︶ ᠲᠥᠯᠥᠪᠵᠢᠭᠦᠯᠭᠡ ᠨᠢ ᠨᠠᠷᠢᠯᠢᠭ ᠬᠠᠮᠢᠶᠠᠷᠬᠤ ᠪᠠ ᠬᠢᠨᠠᠨ ᠬᠠᠮᠢᠶᠠᠷᠬᠤ ᠦᠨᠳᠦᠰᠦᠯᠡᠯ ᠤᠨ | ᠦᠢᠯᠡᠳᠦᠯ ᠢ ᠲᠣᠪᠤᠶᠢᠯᠭᠠᠭᠰᠠᠨ ᠡᠰᠡᠬᠦ᠂ ᠲᠤᠰ ᠱᠠᠲᠤᠨ ᠤ ᠬᠢᠨᠠᠨ ᠵᠥᠪᠰᠢᠶᠡᠷᠡᠵᠦ ᠦᠨᠡᠮᠯᠡᠯ ᠣᠯᠭᠤᠭᠰᠠᠨ | ᠠᠭᠤᠷᠬᠠᠶ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠬᠢᠭᠡᠣᠨ ᠬᠠᠮᠠᠭᠠᠯᠠᠬᠤ ᠠᠵᠢᠯᠯᠠᠭ᠎ᠠ ᠳᠤ | ᠨᠠᠷᠢᠨ ᠪᠠᠶᠢᠷᠢᠯᠠᠭᠤᠯᠤᠯᠲᠠ ᠬᠢᠭᠰᠡᠨ ᠡᠰᠡᠬᠦ᠃ | ︵ᠲᠠᠪᠤ︶ ᠲᠦᠯᠦᠪᠵᠢᠬᠦᠯᠬᠡ ᠨᠢ ᠠᠪᠴᠠᠯᠳᠤᠩᠭᠤᠶ ᠰᠡᠳᠬᠢᠭᠰᠡᠨ᠂ ᠳᠥᠭᠦᠮ ᠣᠶᠢᠯᠠᠭᠠᠮᠵᠢᠲᠠᠶ᠂ ᠲᠤᠭ᠎ᠠ | ᠪᠠᠷᠢᠮᠲᠠ ᠶᠢᠨ ᠲᠤᠯᠭᠠᠭᠤᠷᠢᠯᠠᠯ ᠲᠠᠢ ᠪᠠᠶᠢᠬᠤ ᠡᠰᠡᠬᠦ᠂ ᠭᠠᠵᠠᠷ ᠰᠢᠨᠵᠢᠯᠡᠭᠡᠨ ᠤ ᠮᠡᠳᠡᠭᠦᠯᠦᠯᠲᠡ ᠪᠤᠶᠤ ᠲᠤᠰᠬᠠᠶ | ᠰᠡᠳᠦᠪᠲᠦ ᠰᠤᠳᠤᠯᠭᠠᠨ ᠤ ᠮᠡᠳᠡᠭᠦᠯᠦᠯᠲᠡ ᠠᠴᠠ ᠢᠯᠭᠠᠭ᠎ᠠ ᠲᠠᠢ᠂ ᠲᠥᠯᠥᠪᠵᠢᠭᠦᠯᠭᠡ ᠶᠢᠨ ᠬᠡᠯᠡᠨ ᠤ ᠬᠡᠷᠡᠭᠯᠡᠭᠰᠡᠨ | ᠣᠨᠴᠠᠭᠠᠶᠢᠯᠠᠨ ᠨᠡᠷ᠎ᠡ ᠲᠣᠮᠢᠶ᠎ᠠ᠂ ᠨᠢᠭᠡᠴᠢ ᠶᠢᠨ ᠨᠡᠷᠡᠶᠢᠳᠦᠯ ᠵᠡᠷᠭᠡ ᠨᠢ ᠵᠥᠪ ᠣᠨᠣᠪᠴᠢᠲᠠᠶ᠂ ᠵᠢᠷᠤᠮᠵᠢᠯ ᠲᠠᠢ᠂ | ᠲᠤᠪᠴᠢ ᠲᠤᠳᠤᠷᠠᠭᠤᠨ ᠪᠠᠶᠢᠬᠤ ᠡᠰᠡᠬᠦ᠃ | ︵ᠵᠢᠷᠭᠤᠭ᠎ᠠ︶ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠨᠢ ︽ᠲᠦᠯᠦᠪᠵᠢᠭᠦᠯᠭᠡ ᠶᠢᠨ | ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ | ᠡᠰᠡᠬᠦ᠂ ᠠᠮᠢ ᠠᠬᠤᠶ ᠣᠷᠴᠢᠨ ᠲᠣᠭᠤᠷᠢᠨ ᠤ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠠᠮᠢᠶ᠎ᠠ | ᠪᠥᠬᠦᠶ ᠱᠠᠭᠠᠷᠳᠠᠯᠭ᠎ᠠ ᠳᠤ ᠨᠡᠶᠢᠴᠡᠬᠦ ᠡᠰᠡᠬᠦ᠃ | ︵ᠳᠣᠯᠤᠭ᠎ᠠ︶ ᠲᠥᠯᠥᠪᠵᠢᠭᠦᠯᠭᠡ ᠶᠢᠨ ᠪᠢᠴᠢᠭ ᠲᠣᠪᠬᠢᠮᠠᠯ᠂ ᠳᠠᠭᠠᠯᠳᠤᠭᠤᠯᠤᠯ ᠬᠦᠰᠦᠨᠦᠭᠲᠦ᠂ | ᠳᠠᠭᠠᠯᠳᠤᠭᠤᠯᠤᠯ ᠵᠢᠷᠤᠭ ᠵᠢᠴᠢ ᠨᠠᠶᠢᠷᠠᠭᠤᠯᠤᠨ ᠵᠣᠬᠢᠶᠠᠭᠰᠠᠨ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠨᠢ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠳ᠋ᠠᠶᠢᠲ᠋ᠠ | ᠬᠥᠮᠥᠷᠭᠡ ᠨᠢ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠶᠢᠨ ᠪᠠᠷᠢᠮᠵᠢᠶ᠎ᠠ ᠪᠠ | ᠪᠦᠲᠦᠭᠡᠨ ᠪᠠᠶᠢᠭᠤᠯᠤᠯᠲᠠ ᠶᠢᠨ ᠵᠦᠭᠯᠡᠭᠦᠷ ᠶᠣᠰᠣᠭᠠᠷ ᠪᠡᠶᠡᠯᠡᠭᠦᠯᠦᠭᠰᠡᠨ ᠡᠰᠡᠬᠦ᠂ ᠲᠥᠯᠥᠪᠵᠢᠭᠦᠯᠭᠡ ᠶᠢᠨ ᠪᠢᠴᠢᠭ | ᠲᠣᠪᠬᠢᠮᠠᠯ᠂ ᠳᠠᠭᠠᠯᠳᠤᠭᠤᠯᠤᠯ ᠵᠢᠷᠤᠭ᠂ ᠳᠠᠭᠠᠯᠳᠤᠭᠤᠯᠤᠯ ᠬᠦᠰᠦᠨᠦᠭᠲᠦ ᠨᠢ ᠳ᠋ᠠᠶᠢᠲ᠋ᠠ ᠬᠥᠮᠥᠷᠭᠡ ᠶᠢᠨ | ᠠᠭᠤᠯᠭ᠎ᠠ ᠯᠤᠭ᠎ᠠ ᠨᠢᠭᠡᠳᠦᠯᠲᠡᠶ ᠪᠠᠶᠢᠬᠤ ᠡᠰᠡᠬᠦ᠃ | ᠳᠥᠷᠪᠡ᠂ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭᠠᠯᠠᠯ | ︵ᠨᠢᠭᠡ︶ ᠠᠩᠬ᠎ᠠ ᠬᠢᠨᠠᠬᠤ᠃ | 1. ᠲᠥᠯᠥᠪᠵᠢᠭᠦᠯᠭᠡ ᠶᠢᠨ ᠡᠬᠡ ᠲᠥᠰᠦᠯ ᠢ ᠪᠦᠷᠢᠯᠳᠦᠭᠦᠯᠦᠭᠰᠡᠨ ᠤ ᠳᠠᠷᠠᠭ᠎ᠠ᠂ ᠠᠶᠢᠮᠠᠭ ᠬᠤᠲᠠ᠂ | ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠲᠤᠰᠬᠠᠶ ᠮᠡᠷᠭᠡᠵᠢᠯᠲᠡᠣᠨ ᠢ ᠵᠣᠬᠢᠶᠠᠨ ᠪᠠᠶᠢᠭᠤᠯᠵᠤ ᠠᠩᠬ᠎ᠠ ᠠᠯᠬᠤᠮ ᠬᠢᠨᠠᠨ ᠪᠠᠶᠢᠴᠠᠭᠠᠵᠤ ᠨᠤᠲᠠᠯᠠᠨ᠎ᠠ᠃ | 2. ᠲᠥᠯᠥᠪᠵᠢᠭᠦᠯᠭᠡ ᠶᠢᠨ ᠡᠬᠡ ᠲᠥᠰᠦᠯ ᠢ ᠨᠤᠲᠠᠯᠠᠵᠤ ᠪᠠᠲᠤᠯᠠᠭᠰᠠᠨ ᠤ ᠳᠠᠷᠠᠭ᠎ᠠ᠂ ᠠᠶᠢᠮᠠᠭ ᠬᠤᠲᠠ᠂ | ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠠᠳᠠᠯᠢ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ | ᠡᠳ᠋ ᠤᠨ ᠵᠠᠰᠠᠭ᠂ ᠠᠮᠢ ᠠᠬᠤᠢ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠪᠠ | ᠭᠦᠳᠡᠭᠡ ᠲᠤᠰᠬᠤᠨ ᠮᠠᠯᠵᠢᠬᠤ ᠤᠷᠤᠨ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠲᠤᠭ᠎ᠠ | ᠪᠦᠷᠢᠳᠬᠡᠯ᠂ ᠡᠨᠧᠷᠭᠢ᠂ ᠣᠢ ᠰᠢᠭᠤᠶ ᠪᠠ ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠵᠤ ᠲᠡᠳᠡᠨ ᠠᠴᠠ ᠰᠠᠨᠠᠯ ᠬᠤᠷᠢᠶᠠᠬᠤ ᠶᠢᠨ ᠬᠠᠮᠲᠤ ᠲᠥᠯᠥᠪᠵᠢᠭᠦᠯᠭᠡ ᠪᠠᠨ ᠵᠠᠰᠠᠪᠤᠷᠢᠯᠠᠵᠤ | ᠲᠡᠭᠦᠯᠳᠡᠷᠵᠢᠭᠦᠯᠦᠭᠰᠡᠨ ᠤ ᠳᠠᠷᠠᠭ᠎ᠠ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠬᠢᠨᠠᠭᠤᠯᠤᠨ᠎ᠠ᠃ | ︵ᠬᠤᠶᠠᠷ︶ ᠭᠤᠶᠤᠴᠢᠯᠠᠬᠤ᠃ | 1. ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ | ᠳᠠᠷᠠᠭ᠎ᠠ᠂ ᠳᠡᠭᠡᠳᠦ ᠨᠢᠭᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠭᠦᠯᠬᠦ ᠪᠠᠷ | ᠭᠤᠶᠤᠴᠢᠯᠠᠨ᠎ᠠ᠃ | 2. ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ | ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠬᠤ ᠳᠤ᠂ ᠳᠣᠤᠷᠠᠬᠢ ᠮᠠᠲ᠋ᠧᠷᠢᠶᠠᠯ ᠢ ᠲᠤᠰᠢᠶᠠᠨ᠎ᠠ᠄ | ︵1︶ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠦᠯᠬᠦ ᠪᠠᠷ | ᠭᠤᠶᠤᠴᠢᠯᠠᠭᠰᠠᠨ ᠵᠢᠭᠠᠪᠣᠷᠢ ᠠᠪᠬᠤ ᠪᠢᠴᠢᠭ ᠮᠠᠲ᠋ᠧᠷᠢᠶᠠᠯ 2 ᠬᠤᠪᠢ ︵ᠳᠠᠭᠠᠯᠳᠤᠭᠤᠯᠤᠯ ᠳᠤ ᠠᠩᠬ᠎ᠠ ᠠᠯᠬᠤᠮ | ᠬᠢᠨᠠᠨ ᠪᠠᠶᠢᠴᠠᠭᠠᠭᠰᠠᠨ ᠰᠠᠨᠠᠯ ᠪᠠ ᠰᠠᠨᠠᠯ ᠬᠤᠷᠢᠶᠠᠭᠰᠠᠨ ᠪᠠᠶᠢᠳᠠᠯ ᠤᠨ ᠬᠤᠷᠢᠶᠠᠩᠭᠤᠶᠢᠯᠠᠨ ᠳ᠋ᠦᠩᠨᠡᠭᠰᠡᠨ | ᠬᠦᠰᠦᠨᠦᠭᠲᠦ ᠪᠠᠭᠲᠠᠨ᠎ᠠ︶᠃ | ︵2︶ ᠲᠥᠯᠥᠪᠵᠢᠭᠦᠯᠭᠡ ᠶᠢᠨ ᠪᠢᠴᠢᠭ ᠲᠣᠪᠬᠢᠮᠠᠯ ᠪᠠ ᠲᠥᠯᠥᠪᠵᠢᠭᠦᠯᠭᠡ ᠶᠢ ᠨᠠᠶᠢᠷᠠᠭᠤᠯᠵᠤ ᠵᠣᠬᠢᠶᠠᠭᠰᠠᠨ | ᠲᠣᠳᠣᠷᠬᠠᠶᠢᠯᠠᠯᠲᠠ ᠲᠣᠰ ᠪᠦᠷᠢ 20 ᠬᠤᠪᠢ᠃ | ︵3︶ ᠲᠤᠰᠬᠠᠶ ᠰᠡᠳᠦᠪᠲᠦ ᠰᠤᠳᠤᠯᠭᠠᠨ ᠤ ᠮᠡᠳᠡᠭᠦᠯᠦᠯᠲᠡ 1 ᠢᠵᠢ᠃ | ︵4︶ ᠲᠥᠯᠥᠪᠵᠢᠭᠦᠯᠭᠡ ᠶᠢᠨ ᠳᠠᠭᠠᠯᠳᠤᠭᠤᠯᠤᠯ ᠬᠦᠰᠦᠨᠦᠭᠲᠦ 1 ᠢᠵᠢ᠃ | ︵5︶ ᠲᠥᠯᠥᠪᠵᠢᠭᠦᠯᠭᠡ ᠶᠢᠨ ᠳᠠᠭᠠᠯᠳᠤᠭᠤᠯᠤᠯ ᠵᠢᠷᠤᠭ 1 ᠢᠵᠢ᠃ | ︵6︶ ᠳ᠋ᠠᠶᠢᠲ᠋ᠠ ᠬᠥᠮᠥᠷᠭᠡ ᠶᠢᠨ ᠡᠯᠧᠺᠲᠷᠣᠨ ᠬᠡᠪᠯᠡᠯ 1 ᠢᠵᠢ᠃ | ︵7︶ ᠡᠯᠧᠺᠲᠷᠣᠨ ᠪᠢᠴᠢᠭᠯᠡᠯ ᠤᠨ ᠭᠡᠷᠡᠯᠯᠢᠭ ᠳ᠋ᠢᠰᠺ 1 ᠬᠤᠪᠢ ︵ᠲᠥᠯᠥᠪᠵᠢᠭᠦᠯᠭᠡ ᠶᠢᠨ ᠪᠢᠴᠢᠭ | ᠲᠣᠪᠬᠢᠮᠠᠯ᠂ ᠨᠠᠶᠢᠷᠠᠭᠤᠯᠵᠤ ᠵᠣᠬᠢᠶᠠᠭᠰᠠᠨ ᠲᠣᠳᠣᠷᠬᠠᠶᠢᠯᠠᠯᠲᠠ᠂ ᠳᠠᠭᠠᠯᠳᠤᠭᠤᠯᠤᠯ ᠬᠦᠰᠦᠨᠦᠭᠲᠦ᠂ ᠳᠠᠭᠠᠯᠳᠤᠭᠤᠯᠤᠯ | ᠵᠢᠷᠤᠭ᠂ ᠲᠤᠰᠬᠠᠶ ᠰᠡᠳᠦᠪᠲᠦ ᠰᠤᠳᠤᠯᠭᠠᠨ ᠤ ᠮᠡᠳᠡᠭᠦᠯᠦᠯᠲᠡ ᠪᠠᠭᠲᠠᠨ᠎ᠠ︶᠃ | ︵ᠭᠤᠷᠪᠠ︶ ᠬᠢᠨᠠᠨ ᠵᠥᠪᠰᠢᠶᠡᠷᠡᠬᠦ᠃ | 1. ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ | ᠲᠥᠯᠥᠪᠵᠢᠭᠦᠯᠭᠡ ᠳᠤ᠂ ᠳᠡᠭᠡᠳᠦ ᠨᠢᠭᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ | ᠡᠳ᠋ ᠤᠨ ᠵᠠᠰᠠᠭ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ ᠪᠠ | ᠭᠦᠳᠡᠭᠡ ᠲᠤᠰᠬᠤᠨ ᠮᠠᠯᠵᠢᠬᠤ ᠤᠷᠤᠨ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠲᠤᠭ᠎ᠠ | ᠪᠦᠷᠢᠳᠬᠡᠯ᠂ ᠡᠨᠧᠷᠭᠢ᠂ ᠣᠢ ᠰᠢᠭᠤᠶ ᠪᠠ ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ | ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠵᠤ ᠨᠤᠲᠠᠯᠠᠬᠤ ᠶᠢᠨ ᠬᠠᠮᠲᠤ ᠬᠢᠨᠠᠨ | ᠪᠠᠶᠢᠴᠠᠭᠠᠭᠰᠠᠨ ᠰᠠᠨᠠᠯ ᠤᠨ ᠪᠢᠴᠢᠭ ᠤᠨ ᠬᠡᠯᠪᠡᠷᠢ ᠶᠢ ᠪᠦᠷᠢᠯᠳᠣᠭᠦᠯᠣᠨ᠎ᠠ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠡᠯ᠎ᠡ ᠱᠠᠲᠤᠨ ᠤ ᠠᠭᠤᠷᠬᠠᠢ ᠶᠢᠨ | ᠡᠬᠢ ᠪᠠᠶᠠᠯᠢᠭ ᠤᠨ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠶᠢᠨ ᠶᠠᠰᠤ ᠴᠢᠨᠠᠷ ᠤᠨ ᠪᠠᠶᠢᠴᠠᠭᠠᠯᠲᠠ ᠶᠢ | ᠬᠠᠷᠢᠭᠤᠴᠠᠨ᠎ᠠ᠃ | 2. ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠪᠠᠶᠢᠴᠠᠭᠠᠭᠰᠠᠨ ᠰᠠᠨᠠᠯ ᠶᠣᠰᠣᠭᠠᠷ ᠲᠥᠯᠥᠪᠵᠢᠭᠦᠯᠭᠡ ᠪᠠᠨ ᠵᠠᠰᠠᠪᠤᠷᠢᠯᠠᠵᠤ | ᠲᠡᠭᠦᠯᠳᠡᠷᠵᠢᠭᠦᠯᠦᠭᠰᠡᠨ ᠤ ᠳᠠᠷᠠᠭ᠎ᠠ᠂ ᠳᠡᠭᠡᠳᠦ ᠨᠢᠭᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ | ᠲᠠᠪᠤ᠂ ᠨᠡᠶᠢᠲᠡᠯᠡᠨ ᠬᠡᠷᠡᠭᠵᠢᠭᠦᠯᠬᠦ | ᠠᠶᠢᠮᠠᠭ ᠬᠤᠲᠠ ᠶᠢᠨ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ | ᠨᠡᠶᠢᠲᠡᠯᠡᠨ ᠬᠡᠷᠡᠭᠵᠢᠭᠦᠯᠦᠨ᠎ᠡ᠃ | ᠬᠤᠰᠢᠭᠤ ᠰᠢᠶᠠᠨ ᠤ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠠᠶᠢᠮᠠᠭ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠠᠴᠠ ᠨᠡᠶᠢᠲᠡᠯᠡᠨ ᠬᠡᠷᠡᠭᠵᠢᠭᠦᠯᠦᠨ᠎ᠡ᠃ | ᠵᠢᠷᠭᠤᠭ᠎ᠠ᠂ ᠲᠥᠯᠥᠪᠵᠢᠭᠦᠯᠭᠡ ᠶᠢ ᠳᠠᠩᠰᠠᠯᠠᠭᠤᠯᠬᠤ | ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠭᠤᠷᠬᠠᠶ ᠶᠢᠨ ᠡᠬᠢ ᠪᠠᠶᠠᠯᠢᠭ ᠤᠨ | ᠲᠥᠯᠥᠪᠵᠢᠭᠦᠯᠭᠡ ᠶᠢ ᠨᠡᠶᠢᠲᠡᠯᠡᠵᠦ ᠬᠡᠷᠡᠭᠵᠢᠭᠦᠯᠦᠭᠰᠡᠨ ᠤ ᠳᠠᠷᠠᠭ᠎ᠠ᠂ ᠠᠶᠢᠮᠠᠭ ᠬᠤᠲᠠ᠂ ᠬᠤᠰᠢᠭᠤ ᠰᠢᠶᠠᠨ ᠤ | ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠲᠥᠯᠥᠪᠵᠢᠭᠦᠯᠭᠡ ᠶᠢᠨ ᠪᠢᠴᠢᠭ ᠲᠣᠪᠬᠢᠮᠠᠯ ᠪᠠ | ᠨᠠᠶᠢᠷᠠᠭᠤᠯᠵᠤ ᠵᠣᠬᠢᠶᠠᠭᠰᠠᠨ ᠲᠣᠳᠣᠷᠬᠠᠶᠢᠯᠠᠯᠲᠠ ᠪᠠᠨ ᠲᠤᠰ ᠪᠦᠷᠢ 5 ᠢᠵᠢ᠂ ᠲᠥᠯᠥᠪᠵᠢᠭᠦᠯᠭᠡ ᠶᠢᠨ | ᠳᠠᠭᠠᠯᠳᠤᠭᠤᠯᠤᠯ ᠵᠢᠷᠤᠭ ᠪᠠ ᠳᠠᠭᠠᠯᠳᠤᠭᠤᠯᠤᠯ ᠬᠦᠰᠦᠨᠦᠭᠲᠦ ᠪᠠᠨ ᠲᠤᠰ ᠪᠦᠷᠢ 2 ᠢᠵᠢ᠂ ᠲᠥᠯᠥᠪᠵᠢᠭᠦᠯᠭᠡ ᠶᠢᠨ | ᠦᠷ᠎ᠡ ᠪᠦᠲᠦᠭᠡᠯ ᠵᠢᠴᠢ ᠳ᠋ᠠᠶᠢᠲ᠋ᠠ ᠬᠥᠮᠥᠷᠭᠡ ᠶᠢᠨ ᠡᠯᠧᠺᠲᠷᠣᠨ ᠪᠢᠴᠢᠭᠯᠡᠯ ᠤᠨ ᠭᠡᠷᠡᠯᠯᠢᠭ ᠳ᠋ᠢᠰᠺ ᠢ 2 ᠢᠵᠢ | ᠲᠤᠰᠢᠶᠠᠨ ᠥᠭᠴᠦ ᠳᠠᠩᠰᠠᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠨᠢ ᠲᠥᠯᠥᠪᠵᠢᠭᠦᠯᠭᠡ ᠶᠢ ᠳᠠᠩᠰᠠᠯᠠᠭᠤᠯᠤᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠭᠦ ᠬᠡᠷᠩᠳᠠᠢ᠃ | ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠶᠡᠷᠦᠩᠬᠡᠶ | ᠲᠥᠯᠥᠪᠵᠢᠭᠦᠯᠭᠡ ᠶᠢ ᠬᠢᠨᠠᠨ ᠪᠠᠶᠢᠴᠠᠭᠠᠵᠤ ᠮᠡᠳᠡᠭᠦᠯᠦᠨ ᠵᠥᠪᠰᠢᠶᠡᠷᠡᠭᠦᠯᠬᠦ ᠳᠤ ᠲᠣᠰ ᠠᠷᠭ᠎ᠠ ᠶᠢ ᠬᠡᠷᠡᠭᠯᠡᠨ᠎ᠠ᠃ | ᠲᠣᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠠᠶᠢᠮᠠᠭ ᠬᠤᠲᠠ | ᠬᠤᠰᠢᠭᠤ ᠰᠢᠶᠠᠨ ᠤ ᠱᠠᠲᠤᠨ ᠤ ᠠᠭᠤᠷᠬᠠᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠬᠢᠨᠠᠨ ᠪᠠᠶᠢᠴᠠᠭᠠᠵᠤ | ᠮᠡᠳᠡᠭᠦᠯᠦᠨ ᠵᠥᠪᠰᠢᠶᠡᠷᠡᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ | ᠠᠯᠪᠠᠨ ᠲᠠᠷᠬᠠᠭᠠᠭᠰᠠᠨ ﹇2010﹈ 84 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ |