︽ᠥᠪᠥᠷ ᠮᠣᠩᠭᠤᠯ ᠨᠡᠷᠡᠮᠵᠢᠲᠦ︾ ᠲᠥᠷᠥᠯ ᠲᠡᠮᠳᠡᠭ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2020/11/19
     11 ᠳ᠋ᠦ᠋ᠭᠡᠷ ᠰᠠᠷ᠎ᠠ ᠶᠢᠨ 18᠎ ᠤ ᠡᠳᠦᠷ᠂ ︽ᠥᠪᠥᠷ ᠮᠣᠩᠭᠤᠯ ᠨᠡᠷᠡᠮᠵᠢᠲᠦ︾ ᠲᠥᠷᠥᠯ ᠲᠡᠮᠳᠡᠭ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠪᠡᠭᠡᠵᠢᠩ ᠳᠤ ᠶᠠᠪᠤᠭᠳᠠᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠨᠢ ︽︿ᠥᠪᠥᠷ ᠮᠣᠩᠭᠤᠯ ᠨᠡᠷᠡᠮᠵᠢᠲᠦ﹀ ᠲᠥᠷᠥᠯ ᠲᠡᠮᠳᠡᠭ ᠢᠶᠠᠷ ᠳᠡᠯᠡᠬᠡᠶ ᠳ᠋ᠠᠬᠢᠨ ᠳᠤ ᠲᠠᠯ᠎ᠠ ᠨᠤᠲᠤᠭ ᠤᠨ ᠣᠬᠢ ᠰᠢᠯᠢᠳᠡᠭ ᠪᠦᠲᠦᠭᠡᠭᠳᠡᠬᠦᠨ ᠢ ᠰᠤᠩᠭᠤᠵᠤ ᠥᠭᠬᠦ︾᠎ ᠪᠠᠷ ᠭᠤᠤᠯ ᠰᠡᠳᠦᠪ ᠪᠣᠯᠭᠠᠵᠤ᠂ ᠥᠪᠥᠷ ᠮᠣᠩᠭᠤᠯ ᠤᠨ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ︽ᠥᠨᠳᠥᠷ ᠪᠠᠷᠢᠮᠵᠢᠶ᠎ᠠ + ᠴᠢᠩᠭ᠎ᠠ ᠭᠡᠷᠡᠴᠢᠯᠡᠯ + ᠴᠢᠩᠭ᠎ᠠ ᠬᠢᠨᠠᠯᠲᠠ ᠬᠠᠮᠢᠶᠠᠷᠤᠯᠲᠠ + ᠰᠢᠯᠢᠳᠡᠭ ᠦᠢᠯᠡᠴᠢᠯᠡᠭᠡ︾᠎ ᠶᠢᠨ ᠠᠷᠭ᠎ᠠ ᠬᠡᠯᠪᠡᠷᠢ ᠪᠠᠷ ᠥᠪᠥᠷ ᠮᠣᠩᠭᠤᠯ ᠤᠨ ᠴᠢᠨᠠᠷ ᠰᠠᠶᠢᠲᠠᠶ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠨ ᠪᠥᠬᠦ ᠤᠯᠤᠰ ᠴᠢᠨᠠᠭᠰᠢᠯᠠᠨ ᠳᠡᠯᠡᠬᠡᠶ ᠶᠢᠨ ᠵᠠᠬ᠎ᠠ ᠳᠡᠯᠭᠡᠭᠦᠷ ᠲᠤ ᠭᠠᠷᠭᠠᠭᠰᠠᠨ ᠰᠢᠨ᠎ᠡ ᠡᠭᠦᠳᠦᠯᠲᠡ ᠶᠢᠨ ᠦᠢᠯᠡᠳᠦᠯᠭᠡ ᠪᠠᠨ ᠳᠡᠯᠭᠡᠨ ᠦᠵᠡᠭᠦᠯᠵᠡᠢ᠂ ᠲᠦᠷᠦᠭᠦᠤ ᠪᠦᠯᠦᠭ ᠲᠠᠪᠤᠨ ᠲᠥᠷᠥᠯ ᠤᠨ ᠪᠦᠲᠦᠭᠡᠭᠳᠡᠬᠦᠨ 9 ᠠᠵᠤ ᠠᠬᠤᠶᠢᠯᠠᠯ ︽ᠥᠪᠥᠷ ᠮᠣᠩᠭᠤᠯ ᠨᠡᠷᠡᠮᠵᠢᠲᠦ︾ ᠲᠥᠷᠥᠯ ᠲᠡᠮᠳᠡᠭ ᠤᠨ ᠭᠡᠷᠡᠴᠢᠯᠡᠯ ᠤᠨ ᠡᠷᠬᠡ ᠣᠯᠭᠤᠵᠠᠢ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭ ᠢ ᠪᠣᠶ ᠪᠣᠯᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠲᠠᠢ ᠵᠥᠪᠳᠡᠯᠴᠡᠵᠦ ᠪᠠᠶᠢᠭᠠᠳ ︽ᠥᠪᠥᠷ ᠮᠣᠩᠭᠤᠯ ᠨᠡᠷᠡᠮᠵᠢᠲᠦ︾ ᠲᠥᠷᠥᠯ ᠲᠡᠮᠳᠡᠭ ᠢ ᠭᠡᠷᠡᠴᠢᠯᠡᠬᠦ ᠠᠵᠢᠯ ᠢ ᠦᠷᠨᠢᠭᠦᠯᠬᠦ ᠴᠤᠬᠤᠯᠠᠪᠤᠷᠢ ᠣᠯᠵᠠᠢ᠃ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠦᠴᠦᠲᠡᠶ ᠳᠡᠮᠵᠢᠯᠭᠡ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷᠢᠮᠵᠢᠶ᠎ᠠ ᠶᠢᠨ ᠰᠢᠰᠲ᠋ᠧᠮᠵᠢ᠂ ᠳᠦᠷᠢᠮ ᠤᠨ ᠰᠢᠰᠲ᠋ᠧᠮᠵᠢ᠂ ᠠᠵᠤ ᠦᠢᠯᠡᠰ ᠤᠨ ᠰᠢᠰᠲ᠋ᠧᠮᠵᠢ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ ᠰᠢᠰᠲ᠋ᠧᠮᠵᠢ᠂ ᠳᠡᠯᠭᠡᠷᠡᠭᠦᠯᠬᠦ ᠰᠢᠰᠲ᠋ᠧᠮᠵᠢ ᠵᠡᠷᠭᠡ ︽ᠲᠠᠪᠤᠨ ᠶᠡᠭᠡ ᠰᠢᠰᠲ᠋ᠧᠮᠵᠢ︾᠎ ᠶᠢ ᠰᠢᠨ᠎ᠡ ᠪᠠᠷ ᠡᠭᠦᠳᠦᠨ ᠪᠠᠶᠢᠭᠤᠯᠵᠤ᠂ ᠣᠯᠠᠨ ᠤᠯᠤᠰ ᠤᠨ ᠨᠡᠶᠢᠳᠡᠮ ᠬᠡᠷᠡᠭᠯᠡᠬᠦ ᠭᠡᠷᠡᠴᠢᠯᠡᠬᠦ ᠠᠷᠭ᠎ᠠ ᠬᠡᠯᠪᠡᠷᠢ ᠪᠠᠷ᠂ ᠰᠢᠯᠢᠳᠡᠭ ᠳᠡᠭᠡᠳᠦ ᠲᠠᠰ ᠤᠨ ᠪᠦᠲᠦᠭᠡᠭᠳᠡᠬᠦᠨ ᠢ ᠰᠣᠩᠭᠤᠨ ᠭᠠᠷᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠪᠦᠲᠦᠭᠡᠭᠳᠡᠬᠦᠨ ᠢ ᠵᠠᠬ᠎ᠠ ᠳᠡᠯᠭᠡᠭᠦᠷ ᠳᠡᠭᠡᠷ᠎ᠡ ᠨᠠᠩ ᠬᠡᠷᠡᠯ ᠰᠠᠴᠤᠷᠠᠩᠭᠤᠶ ᠳᠦᠷᠢ ᠲᠥᠷᠬᠦ ᠪᠠᠷ ᠳᠡᠯᠭᠡᠨ ᠦᠵᠡᠭᠦᠯᠵᠡᠢ᠃      ᠣᠶᠢᠯᠠᠭᠠᠭᠰᠠᠨ ᠢᠶᠠᠷ᠂ ︽ᠥᠪᠥᠷ ᠮᠣᠩᠭᠤᠯ ᠨᠡᠷᠡᠮᠵᠢᠲᠦ︾ ᠲᠥᠷᠥᠯ ᠲᠡᠮᠳᠡᠭ ᠨᠢ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭ ᠤᠨ ᠪᠠᠶᠢᠭᠤᠯᠤᠯᠲᠠ ᠳᠤᠮᠳᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠶᠠᠰᠤ ᠴᠢᠨᠠᠷ ᠢ ᠲᠤᠯᠭᠠᠭᠤᠷᠢᠯᠠᠬᠤ᠂ ᠶᠠᠰᠤ ᠴᠢᠨᠠᠷ ᠢ ᠪᠠᠲᠤᠯᠠᠬᠤ ᠵᠡᠷᠭᠡ ᠴᠢᠬᠤᠯᠠ ᠦᠢᠯᠡᠳᠦᠯ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠶᠢ ᠠᠬᠢᠭᠤᠯᠬᠤ ᠪᠣᠯᠣᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号