ᠰᠢᠯᠢ ᠶᠢᠨ ᠭᠤᠤᠯ ᠠᠶᠢᠮᠠᠭ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠭᠡᠷᠡᠯ ᠴᠡᠨᠡᠭ ᠢᠶᠠᠷ | ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠪᠡ᠂ ᠨᠢᠭᠡ ᠳᠤ ᠶᠠᠳᠠᠭᠤ ᠬᠦᠴᠢᠷᠳᠡᠯᠲᠡᠢ ᠲᠡᠳᠬᠦᠭᠦᠯᠬᠦ | ᠡᠲᠡᠭᠡᠳ ᠢ ᠲᠦᠢᠯ ᠤᠨ ᠣᠨᠤᠪᠴᠢᠲᠠᠢ ᠪᠠᠷ ᠰᠢᠯᠢᠨ ᠰᠣᠩᠭᠤᠵᠤ᠂ ᠬᠠᠮᠲᠤ ᠶᠢᠨ ᠠᠵᠤ ᠠᠬᠤᠶ ᠶᠢᠨ ᠣᠷᠣᠯᠭ᠎ᠠ ᠥᠬᠡᠶ | ᠪᠤᠶᠤ ᠬᠠᠮᠲᠤ ᠶᠢᠨ ᠠᠵᠤ ᠠᠬᠤᠶ ᠪᠠᠭᠤᠷᠠᠶ᠂ ᠵᠠᠮ ᠬᠠᠷᠢᠯᠴᠠᠭ᠎ᠠ ᠪᠥᠭᠯᠡᠭᠦᠦ᠂ ᠠᠵᠤ ᠦᠢᠯᠡᠰ ᠤᠨ ᠬᠥᠭᠵᠢᠯᠲᠡ | ᠬᠤᠴᠣᠷᠤᠩᠭᠤᠶ᠂ ᠡᠬᠢ ᠪᠠᠶᠠᠯᠢᠭ ᠳᠤᠲᠠᠮᠠᠭ 4 ᠲᠥᠷᠥᠯ ᠤᠨ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠤ | ᠬᠥᠳᠡᠯᠮᠦᠷᠢ ᠬᠦᠴᠦᠨ ᠥᠬᠡᠶ᠂ ᠬᠥᠳᠡᠯᠮᠦᠷᠢ ᠬᠦᠴᠦ ᠪᠠᠨ ᠠᠯᠳᠠᠭᠰᠠᠨ᠂ ᠡᠳ᠋ ᠬᠥᠷᠥᠩᠭᠡ ᠶᠢᠨ ᠢᠷᠡᠯᠲᠡ ᠥᠬᠡᠶ᠂ | ᠲᠣᠭᠲᠠᠭᠤᠨ ᠣᠷᠣᠯᠭ᠎ᠠ ᠥᠬᠡᠶ 4 ᠲᠥᠷᠥᠯ ᠤᠨ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠡᠷᠡᠯ ᠴᠡᠨᠡᠭ ᠢᠶᠠᠷ | ᠶᠠᠳᠠᠭᠤ ᠶᠢ ᠲᠡᠳᠬᠦᠬᠦ ᠬᠦᠮᠦᠰ ᠢᠶᠠᠷ ᠲᠣᠭᠲᠠᠭᠠᠪᠠ᠃ ᠬᠤᠶᠠᠷ ᠲᠤ ᠢᠯᠡ ᠪᠠᠷ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠬᠡᠯᠪᠡᠷᠢ ᠪᠠᠷ ᠲᠣᠭᠲᠠᠭᠠᠭᠰᠠᠨ ︵EPC︶ ᠶᠡᠷᠦᠩᠬᠡᠶ ᠳᠠᠭᠠᠭᠠᠴᠢᠯᠠᠯᠲᠠ ᠳᠤ | ᠳᠠᠭᠠᠭᠠᠴᠢᠯᠠᠯᠲᠠ ᠣᠯᠤᠭᠰᠠᠨ ᠠᠵᠤ ᠠᠬᠤᠶᠢᠯᠠᠯ ᠨᠢ ᠲᠥᠷᠥᠯ ᠵᠦᠢᠯ ᠤᠨ 25 ᠵᠢᠯ ᠤᠨ ᠪᠥᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠠᠵᠢᠯᠯᠠᠭᠠᠨ ᠤ ᠬᠠᠮᠠᠭᠠᠯᠠᠯᠲᠠ ᠶᠢ ᠬᠠᠷᠢᠭᠤᠴᠠᠵᠤ᠂ ᠨᠥᠬᠦᠴᠡᠯ ᠳᠤ ᠨᠡᠶᠢᠴᠡᠬᠦ ᠳᠠᠩᠰᠠ | ᠪᠠ ᠺᠠᠷᠲ ᠲᠠᠢ ᠶᠠᠳᠠᠭᠤ ᠬᠦᠴᠢᠷᠳᠡᠯᠲᠡᠢ ᠡᠷᠦᠬᠡ ᠶᠢ ᠤᠷᠢᠨ ᠡᠯᠰᠡᠵᠦ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ | ᠲᠣᠭᠤᠰᠣ ᠠᠷᠢᠯᠭᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠥᠨᠴᠥᠭ ᠲᠣᠬᠢᠷᠠᠭᠤᠯᠬᠤ ᠠᠵᠢᠯ ᠬᠢᠯᠭᠡᠪᠡ᠃ | ᠭᠤᠷᠪᠠ ᠳᠤ ᠡᠭᠦᠯᠡᠨ ᠲᠠᠪᠴᠠᠩ ᠪᠠ ᠬᠢᠨᠠᠨ ᠡᠵᠡᠮᠳᠡᠬᠦ ᠰᠢᠰᠲ᠋ᠧᠮ ᠢ ᠪᠠᠶᠢᠭᠤᠯᠤᠨ᠂ ᠤᠯᠤᠰ ᠤᠨ ᠴᠠᠬᠢᠯᠭᠠᠨ | ᠲᠣᠣᠷ ᠤᠨ ᠡᠯᠧᠺᠲᠷᠣᠨ ᠬᠤᠳᠠᠯᠳᠤᠭᠠᠨ ᠤ ᠲᠠᠪᠴᠠᠩ ᠳᠤ ᠵᠠᠯᠭᠠᠵᠤ᠂ ᠴᠠᠬᠢᠯᠭᠠᠨ ᠥᠷᠲᠡᠭᠡᠨ ᠤ ᠠᠮᠤᠷ ᠲᠦᠪᠰᠢᠨ | ᠪᠣᠯᠤᠨ ᠴᠠᠬᠢᠯᠭᠠᠨ ᠭᠠᠷᠭᠠᠬᠤ ᠦᠷ᠎ᠡ ᠪᠦᠲᠦᠮᠵᠢ ᠶᠢ ᠴᠠᠭ ᠮᠦᠴᠡ ᠬᠢᠨᠠᠨ ᠬᠠᠮᠢᠶᠠᠷᠬᠤ ᠶᠢ ᠪᠡᠶᠡᠯᠡᠭᠦᠯᠵᠦ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠬᠠᠷᠢᠭᠤ ᠲᠤᠰᠬᠠᠵᠤ ᠵᠣᠬᠢᠴᠠᠭᠤᠯᠤᠨ ᠰᠢᠢᠳᠪᠦᠷᠢᠯᠡᠪᠡ᠃ | ᠳᠥᠷᠪᠡ ᠳᠤ ᠱᠠᠩᠨᠠᠵᠤ ᠲᠣᠷᠭᠠᠬᠤ ᠲᠣᠭᠲᠠᠴᠠ ᠶᠢ ᠬᠡᠷᠡᠭᠵᠢᠭᠦᠯᠵᠦ᠂ ᠠᠵᠢᠯᠯᠠᠭᠠᠨ ᠤ ᠵᠠᠷᠤᠳᠠᠯ ᠢ ᠴᠠᠬᠢᠯᠭᠠᠨ | ᠭᠠᠷᠭᠠᠬᠤ ᠦᠷ᠎ᠡ ᠪᠦᠲᠦᠮᠵᠢ ᠲᠠᠢ ᠬᠤᠯᠪᠣᠭᠳᠠᠭᠤᠯᠵᠤ᠂ ᠠᠵᠢᠯᠯᠠᠭᠠᠨ ᠤ ᠪᠠᠲᠤᠯᠠᠭ᠎ᠠ ᠶᠢᠨ ᠨᠢᠭᠡᠴᠢ ᠦᠨ᠎ᠡ ᠶᠢ | ᠲᠣᠭᠲᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠬᠡᠲᠦ ᠴᠠᠬᠢᠯᠭᠠᠨ ᠭᠠᠷᠭᠠᠭᠰᠠᠨ ᠬᠡᠮᠵᠢᠶ᠎ᠡ ᠶᠢᠨ ᠱᠠᠩᠨᠠᠯ ᠪᠠ | ᠴᠠᠬᠢᠯᠭᠠᠨ ᠥᠷᠲᠡᠭᠡᠨ ᠤ ᠬᠤᠭᠤᠷᠣᠨᠳᠣᠬᠢ ᠰᠠᠴᠠᠭᠤ ᠦᠢᠯᠡᠳᠦᠯᠲᠦ ᠠᠰᠢᠭᠯᠠᠮᠵᠢ ᠶᠢᠨ ᠴᠠᠭ ᠤᠨ ᠲᠤᠭ᠎ᠠ ᠶᠢ | ᠬᠥᠨᠳᠡᠯᠡᠨ ᠢᠶᠠᠷ ᠠᠳᠠᠯᠢᠳᠬᠠᠨ ᠱᠠᠩᠨᠠᠵᠤ ᠲᠣᠷᠭᠠᠬᠤ ᠶᠢ ᠬᠡᠷᠡᠭᠵᠢᠭᠦᠯᠪᠡ᠃ ᠣᠳᠣᠬᠠᠨ ᠳᠤ᠂ ᠪᠥᠬᠦ ᠠᠶᠢᠮᠠᠭ ᠬᠡᠷᠡᠯ | ᠴᠡᠨᠡᠭ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ 10 ᠪᠠᠶᠢᠭᠤᠯᠵᠤ᠂ ᠶᠡᠷᠦᠩᠬᠡᠶ ᠬᠡᠪᠴᠢᠶ᠎ᠡ ᠨᠢ 6.22 | ᠲᠦᠮᠡᠨ ᠺᠢᠯᠣᠸᠠᠲ ᠲᠤ ᠬᠦᠷᠴᠦ᠂ ᠪᠦᠬᠦ ᠪᠠᠭᠲᠠᠭᠠᠮᠵᠢ ᠪᠠᠷ ᠲᠣᠤᠷ ᠲᠤ ᠨᠡᠶᠢᠯᠡᠭᠦᠯᠬᠦ᠂ ᠪᠦᠬᠦ ᠤᠯᠤᠰ ᠤᠨ ᠭᠡᠷᠡᠯ | ᠴᠡᠨᠡᠭ ᠢᠶᠠᠷ ᠶᠠᠳᠠᠭᠤ ᠶᠢ ᠲᠡᠳᠬᠦᠬᠦ ᠮᠡᠳᠡᠭᠡ ᠵᠠᠩᠭᠢ ᠶᠢ ᠬᠢᠨᠠᠨ ᠬᠡᠮᠵᠢᠬᠦ ᠲᠥᠪ ᠲᠤ ᠵᠠᠯᠭᠠᠬᠤ ᠪᠠ ᠲᠣᠰᠬᠤᠨ ᠤ | ᠲᠡᠰ ᠤᠨ ᠴᠠᠬᠢᠯᠭᠠᠨ ᠥᠷᠲᠡᠭᠡᠨ ᠤ ᠲᠥᠬᠦᠭᠡᠷᠦᠮᠵᠢ ᠶᠢᠨ ᠳᠤᠮᠳᠠᠴᠢ ᠠᠰᠢᠭᠯᠠᠮᠵᠢ ᠶᠢᠨ ᠴᠠᠭ ᠤᠨ ᠲᠣᠭᠠᠨ ᠤ | ᠲᠠᠯ᠎ᠠ ᠪᠠᠷ᠂ ︽ᠪᠦᠬᠦ ᠣᠷᠣᠨ ᠤ ᠭᠤᠷᠪᠠᠨ ᠨᠢᠭᠡᠳᠦᠭᠡᠷ︾ ᠢ ᠪᠡᠶᠡᠯᠡᠭᠦᠯᠵᠦ᠂ ᠪᠦᠬᠦ ᠠᠶᠢᠮᠠᠭ ᠤᠨ 8 ᠶᠠᠳᠠᠭᠤ | ᠬᠦᠴᠢᠷᠳᠡᠯᠲᠡᠢ ᠬᠤᠰᠢᠭᠤ ᠰᠢᠶᠠᠨ ᠤ 7000 ᠭᠠᠷᠤᠢ ᠶᠠᠳᠠᠭᠤ ᠬᠦᠴᠢᠷᠳᠡᠯᠲᠡᠢ ᠡᠷᠦᠬᠡ ᠶᠢ ᠪᠦᠲᠦᠮᠵᠢᠲᠡᠢ | ᠬᠠᠪᠰᠤᠷᠤᠨ ᠲᠡᠳᠬᠦᠭᠰᠡᠨ ᠪᠦᠭᠡᠳ ᠶᠠᠳᠠᠭᠤ ᠬᠦᠴᠢᠷᠳᠡᠯᠲᠡᠢ ᠭᠠᠵᠠᠷ ᠢ ᠳᠠᠶᠢᠴᠢᠯᠠᠨ ᠶᠠᠳᠠᠭᠤ ᠬᠦᠴᠢᠷᠳᠡᠯᠲᠡᠢ ᠬᠥᠮᠦᠨ | ᠠᠮᠠ ᠶᠢ ᠴᠥᠬᠡᠳᠭᠡᠬᠦ ᠲᠣᠭᠲᠠᠴᠠ ᠪᠠ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ | ᠲᠡᠭᠦᠯᠳᠡᠷᠵᠢᠭᠦᠯᠵᠦ᠂ ᠦᠷᠭᠦᠯᠵᠢᠯᠡᠨ 20 ᠵᠢᠯ ᠬᠠᠪᠰᠤᠷᠤᠨ ᠲᠡᠳᠬᠦᠵᠦ᠂ ︽ᠭᠡᠷᠡᠯ ᠤᠨ ᠠᠴᠢ︾ ᠪᠠᠷ ᠶᠠᠳᠠᠭᠤ | ᠬᠦᠴᠢᠷᠳᠡᠯᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠪᠠᠷ ᠪᠠᠶᠢᠨ᠎ᠠ᠃ |