ᠮᠠᠨ ᠤ ᠤᠷᠤᠨ ᠤ ᠬᠤᠶᠠᠳᠤᠭᠠᠷ ᠤᠳᠠᠭᠠᠨ ᠤ ᠪᠥᠬᠦ ᠤᠯᠤᠰ ᠤᠨ ᠪᠣᠬᠢᠷᠲᠤᠯ ᠤᠨ ᠡᠬᠢ ᠶᠢᠨ ᠨᠡᠶᠢᠳᠡᠮ ᠪᠠᠶᠢᠴᠠᠭᠠᠯᠳᠠ ᠶᠢᠨ ᠠᠯᠪᠠᠨ ᠮᠡᠳᠡᠭᠡᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2020/11/2
     10 ᠰᠠᠷ᠎ᠠ ᠶᠢᠨ 30᠎ ᠤ ᠦᠳᠡ ᠶᠢᠨ ᠡᠮᠦᠨ᠎ᠡ᠂ ᠮᠠᠨ ᠤ ᠤᠷᠤᠨ ᠤ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠣᠬᠢᠷᠲᠤᠯ ᠤᠨ ᠡᠬᠢ ᠶᠢᠨ ᠨᠡᠶᠢᠳᠡᠮ ᠪᠠᠶᠢᠴᠠᠭᠠᠯᠳᠠ ᠶᠢᠨ ᠠᠯᠪᠠᠨ ᠮᠡᠳᠡᠭᠡᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠬᠦᠬᠡᠬᠤᠳᠠ ᠳᠤ ᠶᠠᠪᠤᠭᠳᠠᠪᠠ᠃ ᠬᠤᠷᠠᠯ ᠠᠴᠠ᠂ ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠣᠬᠢᠷᠲᠤᠯ ᠤᠨ ᠡᠬᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠨᠢ 2017 ᠤᠨ ᠠᠴᠠ ᠡᠬᠢᠯᠡᠨ᠂ ᠭᠤᠷᠪᠠᠨ ᠵᠢᠯ ᠤᠨ ᠬᠤᠭᠤᠴᠠᠭ᠎ᠠ ᠲᠠᠢ ᠶᠠᠪᠤᠭᠳᠠᠡ᠂ ᠣᠳᠣ ᠨᠢᠭᠡᠨᠲᠡ ᠡᠯ᠎ᠡ ᠵᠦᠢᠯ ᠤᠨ ᠡᠭᠦᠷᠭᠡ  ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠢ ᠵᠠᠷᠯᠠᠵᠤ᠂ ᠤᠯᠤᠭᠰᠠᠨ ᠠᠮᠵᠢᠯᠳᠠ ᠪᠦᠳᠦᠮᠵᠢ ᠪᠠᠨ ᠳ᠋ᠦᠩᠨᠡᠪᠡ᠃      ᠨᠡᠶᠢᠳᠡᠮ ᠪᠠᠶᠢᠴᠠᠭᠠᠯᠳᠠ ᠶᠢᠨ ᠦᠷ᠎ᠡ ᠳ᠋ᠦᠩ ᠳᠤ᠂ ᠡᠯ᠎ᠡ ᠲᠥᠷᠥᠯ ᠤᠨ ᠪᠣᠬᠢᠷᠲᠤᠯ ᠤᠨ ᠡᠬᠢ ᠶᠢᠨ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠪᠠ᠃ ᠡᠭᠦᠨ ᠳᠤ᠂ ᠠᠵᠤ ᠦᠢᠯᠡᠳᠪᠦᠷᠢ ᠶᠢᠨ ᠪᠤᠬᠢᠷᠳᠦᠯ ᠤᠨ ᠡᠬᠢ 16496 ᠪᠠᠶᠢᠵᠤ᠂ ᠲᠠᠷᠢᠶᠠᠯᠠᠩ ᠤᠨ ᠪᠤᠬᠢᠷᠳᠦᠯ ᠤᠨ ᠡᠬᠢ 4852᠎ ᠶᠢ ᠡᠵᠡᠯᠡᠵᠤ᠂ ᠭᠤᠷᠪᠡᠨ ᠵᠢᠯ ᠤᠨ ᠬᠤᠭᠤᠴᠠᠭᠠᠨ ᠳᠤ᠂ ᠲᠠᠷᠢᠮᠠᠯ ᠤᠨ ᠦᠢᠯᠡᠰ ᠲᠤ ᠬᠤᠯᠪᠣᠭᠳᠠᠬᠤ ᠬᠤᠰᠢᠭᠤ ᠰᠢᠶᠠᠨ ᠲᠣᠭᠤᠷᠢᠭ 103᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠬᠤᠰᠢᠭᠤ ᠰᠢᠶᠠᠨ ᠲᠣᠭᠤᠷᠢᠭ 73᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠬᠤᠰᠢᠭᠤ ᠰᠢᠶᠠᠨ ᠲᠣᠭᠤᠷᠢᠭ 103᠂ ᠮᠠᠯ ᠵᠢᠭᠦᠷᠲᠡᠨ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ 4573᠎ ᠶᠢ ᠪᠠᠶᠢᠴᠠᠭᠠᠪᠠ︔ ᠠᠮᠢᠳᠤᠷᠠᠯ ᠤᠨ ᠪᠤᠬᠢᠷᠳᠦᠯ ᠤᠨ ᠡᠬᠢ 18851 ᠪᠠᠶᠢᠵᠤ᠂ ᠡᠭᠦᠨ ᠳᠤ ᠵᠠᠰᠠᠭ ᠵᠠᠬᠢᠷᠭᠠᠨ ᠤ ᠲᠣᠰᠬᠤᠨ 10722᠂ ᠠᠵᠤ ᠦᠢᠯᠡᠳᠪᠦᠷᠢ ᠶᠢᠨ ᠪᠤᠰᠤ ᠭᠦᠸᠧᠯᠦ ᠶᠢᠨ ᠠᠵᠤ ᠠᠬᠤᠶᠢᠯᠠᠯ 4669᠂ ᠲᠣᠰᠣ ᠬᠠᠳᠠᠭᠠᠯᠠᠬᠤ ᠬᠥᠮᠥᠷᠭᠡ 45᠂ ᠲᠣᠰᠣ ᠨᠡᠮᠡᠬᠦ ᠥᠷᠲᠡᠭᠡ 3415᠎ ᠶᠢ ᠪᠠᠶᠢᠴᠠᠭᠠᠪᠠ︔ ᠲᠥᠪᠯᠡᠷᠡᠩᠭᠦᠶ ᠮᠠᠶ᠋ᠢᠭ ᠤᠨ ᠪᠣᠬᠢᠷᠲᠤᠯ ᠢ ᠵᠠᠰᠠᠬᠤ ᠲᠥᠬᠦᠭᠡᠷᠦᠮᠵᠢ 344 ᠪᠠᠶᠢᠵᠤ᠂ ᠡᠭᠦᠨ ᠳᠤ ᠲᠥᠪᠯᠡᠷᠡᠩᠭᠦᠢ ᠬᠡᠯᠪᠡᠷᠢ ᠶᠢᠨ ᠪᠣᠬᠢᠷ ᠤᠰᠤ ᠶᠢ ᠰᠢᠢᠳᠪᠦᠷᠢᠯᠡᠬᠦ ᠨᠢᠭᠡᠴᠢ 201᠂ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠨᠢᠭᠡᠴᠢ 122᠂ ᠠᠶᠤᠯᠲᠠᠶ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠠᠰᠢᠭᠯᠠᠵᠤ ᠰᠢᠢᠳᠪᠦᠷᠢᠯᠡᠬᠦ ︵ᠰᠢᠢᠳᠪᠦᠷᠢᠯᠡᠬᠦ︶ ᠨᠢᠭᠡᠴᠢ 21 ᠪᠣᠶ᠃      ᠡᠯ᠎ᠡ ᠲᠥᠷᠥᠯ ᠤᠨ ᠪᠣᠬᠢᠷᠲᠤᠯ ᠤᠨ ᠡᠬᠢ ᠶᠢ ᠭᠠᠳᠠᠭᠰᠢᠯᠠᠭᠤᠯᠤᠭᠰᠠᠨ ᠪᠠᠶᠢᠳᠠᠯ ᠢ ᠡᠵᠡᠮᠰᠢᠪᠡ᠃ ᠨᠡᠶᠢᠳᠡᠮ ᠪᠠᠶᠢᠴᠠᠭᠠᠯᠲᠠ ᠪᠠᠷ ᠳᠠᠮᠵᠢᠨ᠂ ᠪᠦᠬᠦ ᠣᠷᠣᠨ ᠤ ᠤᠰᠤᠨ ᠤ ᠪᠣᠬᠢᠷᠲᠤᠯ ᠳᠤ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ 46.06 ᠲᠦᠮᠡᠨ ᠲᠣᠨ᠂ ᠰᠢᠪᠲᠦᠷᠲᠦ ᠠᠽᠣᠲ 0.89 ᠲᠦᠮᠡᠨ ᠲᠣᠨ᠂ ᠶᠡᠷᠦᠩᠬᠡᠶ ᠠᠽᠣᠲ 4.14 ᠲᠦᠮᠡᠨ ᠲᠣᠨ᠂ ᠶᠡᠷᠦᠩᠬᠡᠶ ᠹᠣᠰᠹᠣᠷ 0.34 ᠲᠦᠮᠡᠨ ᠲᠣᠨ᠂ ᠠᠮᠢᠲᠠᠨ ᠤᠷᠭᠤᠮᠠᠯ ᠤᠨ ᠲᠣᠰᠣ 0.38 ᠲᠦᠮᠡᠨ ᠲᠣᠨ᠂ ᠴᠢᠯᠠᠭᠤᠨ ᠲᠣᠰᠣᠨ ᠤ ᠲᠥᠷᠥᠯ 41.64 ᠲᠣᠨ ᠭᠠᠳᠠᠭᠰᠢᠯᠠᠭᠤᠯᠵᠦ ᠪᠠᠶᠢᠬᠤ ᠶᠢ ᠡᠵᠡᠮᠰᠢᠵᠡᠢ᠃ ᠪᠦᠬᠦ ᠣᠷᠣᠨ ᠤ ᠠᠭᠠᠷ ᠮᠠᠨᠳᠠᠯ ᠤᠨ ᠪᠣᠬᠢᠷᠲᠤᠯ ᠪᠣᠳᠠᠰ ᠲᠤ ᠬᠦᠬᠦᠷ ᠤᠨ ᠳᠠᠪᠬᠤᠷ ᠢᠰᠦᠯ 39.78 ᠲᠦᠮᠡᠨ ᠲᠣᠨ᠂ ᠠᠽᠣᠲ ᠤᠨ ᠢᠰᠦᠯ 70.16 ᠲᠦᠮᠡᠨ ᠲᠣᠨ᠂ ᠮᠥᠬᠦᠯᠢᠭᠲᠦ ᠪᠣᠳᠠᠰ 161.12 ᠲᠦᠮᠡᠨ ᠲᠣᠨ ᠭᠠᠳᠠᠭᠰᠢᠯᠠᠭᠤᠯᠵᠦ ᠪᠠᠶᠢᠬᠤ ᠶᠢ ᠪᠠᠶᠢᠴᠠᠭᠠᠨ ᠭᠠᠷᠭᠠᠪᠠ᠃      ᠨᠡᠶᠢᠳᠡᠮ ᠪᠠᠶᠢᠴᠠᠭᠠᠯᠳᠠ ᠪᠠᠷ ᠳᠠᠮᠵᠢᠨ᠂ ᠢᠵᠢ ᠪᠦᠷᠢᠨ ᠳᠠᠩᠰᠠ ᠡᠪᠬᠡᠮᠡᠯ ᠤᠨ ᠰᠢᠰᠲ᠋ᠧᠮ ᠢ ᠪᠠᠶᠢᠭᠤᠯᠤᠨ᠂ ᠨᠢᠭᠡ ᠪᠦᠯᠦᠭ ᠴᠢᠳᠠᠪᠤᠷᠢᠳᠠᠨ ᠢ ᠬᠦᠮᠦᠵᠢᠭᠦᠯᠵᠦ᠂ ᠮᠠᠨ ᠤ ᠤᠷᠤᠨ ᠤ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠡᠯ᠎ᠡ ᠲᠦᠷᠦᠯ ᠤᠨ ᠭᠤᠤᠯᠳᠠᠯᠭ᠎ᠠ ᠲᠠᠢ ᠠᠵᠢᠯ ᠳᠤ ᠲᠤᠯᠭᠠᠭᠤᠷᠢᠯᠠᠯ ᠬᠠᠨᠭ᠍ᠭᠠᠵᠤ᠂ ᠪᠦᠬᠦ ᠠᠷᠡᠤᠨ ᠎ ᠤᠨ ᠤᠷᠴᠢᠨ ᠳᠤᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号