ᠬᠤᠸᠠᠩ ᡁᠢ ᠴᠢᠶᠠᠩ ᠬᠦᠯᠤᠨ ᠪᠤᠶᠢᠷ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠡᠨ ᠨᠢ ᠪᠡᠯᠡ ᠮᠦᠡᠭᠭᠦ ᠴᠤᠬᠯᠠᠭᠤᠯᠬᠤ ᠤᠶᠤᠨ ᠤᠬᠠᠭᠠᠨ ᠬᠤᠷᠠᠮᠳᠤᠭᠤᠯᠬᠤ ᠶᠢ ᠤᠶᠠᠯᠳᠤᠭᠤᠯᠵᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠬᠦᠴᠤᠨ ᠨᠠᠮᠠᠷᠢᠯᠡᠬᠦ ᠭᠡᠷᠡᠭᠳᠠᠢ
ᠨᠡᠶᠢᠲᠡᠯᠡᠭᠰᠡᠨ ᠴᠠᠭ᠄
2020/11/2
     10 ᠰᠠᠷ᠎ᠡ ᠶᠢᠨ 25᠎ ᠠᠴᠠ 28᠎ ᠤ ᠡᠳᠦᠷ ᠪᠤᠯᠳᠠᠯ᠎ᠡ᠂ ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠬᠦᠯᠡᠭᠴᠢ ᠬᠤᠸᠠᠩ ᡁᠢ ᠴᠢᠶᠠᠩ ᠬᠦᠯᠤᠨ ᠪᠤᠶᠢᠷ ᠬᠤᠳᠠ ᠶᠢᠨ ᠲᠠᠪᠠᠭ᠎ᠠ ᠶᠢᠨ ᠥᠪᠦᠷ ᠤᠷᠤᠨ ᠳᠤ ᠬᠦᠷᠴᠤ᠂ ᠠᠮᠤ ᠪᠤᠳᠠᠭ᠎ᠠ ᠶᠢᠨ ᠭᠤᠤᠯ ᠭᠠᠷᠤᠯᠳᠠ ᠶᠢᠨ ᠤᠷᠤᠨ ᠤ ᠲᠤᠯᠭᠠᠭᠤᠷᠢ ᠠᠵᠤ ᠦᠢᠯᠡᠰ ᠪᠠ ᠲᠠᠷᠢᠶᠠᠯᠠᠩ ᠮᠠᠯ ᠠᠵᠤ ᠠᠬᠤᠢ ᠶᠢᠨ ᠲᠠᠭᠠᠭᠤᠯᠤᠬᠴᠢ ᠠᠵᠤ ᠠᠬᠤᠢᠢᠯᠠᠯ ᠢᠶᠠᠷ ᠲᠤᠭᠤᠷᠢᠨ ᠦᠵᠡᠵᠤ᠂ ᠮᠦᠡᠭᠭᠦᠨ ᠬᠦᠢᠯᠭᠡᠭᠡ ᠪᠠᠷ ᠨᠠᠮᠤᠷ ᠤᠨ ᠤᠯᠠᠷᠢᠯ ᠤᠨ ᠠᠮᠤ ᠪᠤᠳᠠᠭ᠎ᠠ ᠬᠤᠳᠠᠯᠳᠤᠨ ᠠᠪᠬᠤ ᠪᠠ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠠᠵᠢᠯ ᠎ ᠤᠨ ᠲᠤᠭᠤᠷᠢᠨ ᠳᠤ ᠪᠠᠶᠢᠴᠠᠭᠠᠨ ᠰᠤᠳᠤᠯᠪᠠ᠃      ᠬᠤᠸᠠᠩ ᡁᠢ ᠴᠢᠶᠠᠩ᠂ ᠠᠮᠤ ᠪᠤᠳᠠᠭ᠎ᠠ ᠬᠤᠷᠢᠶᠠᠨ ᠬᠠᠳᠠᠭᠠᠯᠠᠬᠤ ᠡᠳ᠋ᠰᠢᠬᠦᠯᠤᠨ ᠪᠤᠯᠪᠠᠰᠤᠷᠠᠭᠤᠯᠬᠤ ᠠᠵᠤ ᠠᠬᠤᠢᠢᠯᠠᠯ᠂ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠪᠦᠷ ᠶᠡᠭᠡ ᠲᠠᠯ᠎ᠡ ᠶᠢᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠲᠡᠯᠭᠡᠬᠦᠷᠴᠢᠯᠠᠯᠳᠠ ᠶᠢᠨ ᠪᠡᠯᠡ ᠮᠦᠡᠭᠭᠦ ᠬᠤᠷᠠᠮᠳᠤᠭᠤᠯᠬᠤ ᠲᠠᠮᠵᠢᠯᠭᠡ ᠶᠢᠨ ᠲᠤᠬᠳᠠᠴᠠ ᠶᠢ ᠪᠦᠷᠢᠨᠰᠢᠬᠦᠯᠤᠨ᠂ ᠠᠮᠤ ᠪᠤᠳᠠᠭ᠎ᠠ ᠬᠤᠳᠠᠯᠳᠤᠨ ᠠᠪᠬᠤ ᠢᠳᠡᠭᠡᠮᠵᠢ ᠶᠢᠨ ᠪᠠᠳᠤᠯᠠᠭ᠎ᠠ ᠶᠢᠨ ᠰᠠᠭᠤᠷᠢ ᠮᠦᠡᠭᠭᠦᠨ ᠤ ᠬᠠᠮᠤᠷᠬᠤ ᠬᠦᠷᠢᠶ᠎ᠡ ᠬᠡᠪᠴᠢᠶ᠎ᠡ ᠶᠢ ᠦᠷᠭᠡᠳᠭᠡᠵᠤ᠂ ᠬᠦᠮᠦᠷᠭᠡᠯᠡᠨ ᠬᠠᠳᠠᠭᠠᠯᠠᠬᠤ ᠪᠠᠭᠳᠠᠭᠠᠮᠵᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠤᠨ᠂ ᠠᠮᠤ ᠪᠤᠳᠠᠭᠠᠨ ᠤ ᠵᠠᠬ᠎ᠠ ᠲᠡᠯᠭᠡᠬᠦᠷ ᠤᠨ ᠲᠦᠭᠰᠢᠬᠦᠷᠢ ᠶᠢ ᠬᠢᠨᠡᠨ ᠬᠡᠮᠵᠢᠵᠤ ᠤᠷᠢᠳᠴᠢᠯᠡᠨ ᠰᠡᠷᠡᠮᠵᠢᠯᠡᠬᠦᠯᠬᠦ ᠶᠢ ᠴᠢᠩᠭᠠᠳᠬᠠᠵᠤ᠂ ᠵᠠᠬ᠎ᠠ ᠲᠡᠯᠭᠡᠬᠦᠷ ᠤᠨ ᠮᠡᠳᠡᠭᠡ ᠵᠠᠩᠭᠢ ᠶᠢᠨ ᠦᠢᠯᠡᠴᠢᠯᠡᠭᠡ ᠶᠢ ᠴᠢᠩᠭᠠᠳᠬᠠᠨ᠂ ᠲᠠᠷᠢᠶᠠᠴᠢᠳ ᠤᠨ ᠠᠰᠢᠭ ᠲᠤᠰᠠ ᠶᠢ ᠪᠦᠬᠦ ᠬᠦᠴᠤᠨ ᠢᠶᠠᠷ ᠢᠶᠠᠨ ᠬᠠᠮᠠᠭᠠᠯᠠᠬᠤ ᠭᠡᠷᠡᠭᠳᠠᠢ ᠭᠡᠵᠤ ᠱᠠᠭᠠᠷᠳᠠᠪᠠ᠃      ᠬᠤᠸᠠᠩ ᡁᠢ ᠴᠢᠶᠠᠩ᠂ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠪᠠ ᠤᠷᠤᠨ ᠨᠤᠳᠤᠭ ᠤᠨ ᠵᠠᠰᠠᠭ ᠤᠨ ᠤᠷᠳᠤᠨ ᠬᠠᠮᠳᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠤᠨ᠂ ᠢᠳᠡᠪᠬᠢᠳᠠᠢ ᠪᠠᠷ ᠰᠢᠨ᠎ᠡ ᠶᠢ ᠡᠬᠦᠳᠴᠤ᠂ ᠭᠠᠵᠠᠷ ᠰᠢᠷᠤᠢ ᠶᠢᠨ ᠦᠮᠴᠢᠯᠡᠯ ᠤᠨ ᠡᠷᠭᠡ ᠶᠢ ᠨᠤᠳᠠᠯᠠᠨ ᠲᠤᠬᠳᠠᠭᠠᠬᠤ ᠶᠢ ᠬᠠᠪᠰᠤᠷᠤᠨ᠂ ᠭᠠᠵᠠᠷ ᠰᠢᠷᠤᠢ ᠶᠢᠨ ᠡᠬᠢ ᠪᠠᠶᠠᠯᠢᠭ ᠢ ᠠᠮᠢᠳᠤᠯᠢᠭ ᠪᠤᠯᠭᠠᠵᠤ᠂ ᠬᠦᠳᠡᠭᠡ ᠲᠤᠰᠬᠤᠨ ᠤ ᠬᠢᠷᠢ ᠲᠡᠩᠴᠡᠭᠰᠡᠨ ᠪᠠᠷᠢᠴᠠᠭᠠᠨ ᠤ ᠡᠳ᠋ ᠢ ᠨᠡᠮᠡᠭᠳᠡᠬᠦᠯᠤᠨ᠂ ᠭᠠᠵᠠᠷ ᠰᠢᠷᠤᠢ ᠶᠢ ᠰᠢᠯᠵᠢᠬᠦᠯᠤᠨ ᠦᠭᠬᠦ ᠡᠷᠭᠡ ᠪᠠᠷ ᠰᠠᠭᠤᠷᠢ ᠪᠤᠯᠭᠠᠬᠰᠡᠨ ᠮᠦᠡᠭᠭᠦᠨ ᠬᠦᠢᠯᠭᠡᠭᠡᠨ ᠎ ᠤ ᠦᠢᠯᠡᠳᠬᠦᠨ ᠢ ᠵᠠᠬ᠎ᠠ ᠲᠡᠯᠭᠡᠬᠦᠷ ᠲᠤ ᠤᠯᠠᠨ ᠭᠠᠷᠭᠠᠵᠤ᠂ ᠪᠦᠬᠦ ᠤᠷᠤᠨ ᠤ ᠲᠠᠷᠢᠶᠠᠯᠠᠩ ᠮᠠᠯ ᠠᠵᠤ ᠠᠬᠤᠢ ᠳᠤ ᠨᠡᠩ ᠤᠯᠠᠨ ᠪᠡᠯᠡ ᠮᠦᠡᠭᠭᠦ ᠤᠷᠤᠭᠤᠯᠤᠨ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠬᠦᠴᠤᠨ ᠨᠠᠮᠡᠷᠢᠯᠡᠬᠦ ᠭᠡᠷᠡᠭᠳᠠᠢ ᠭᠡᠵᠤ ᠴᠢᠬᠤᠯᠠᠴᠢᠯᠠᠵᠠᠢ᠃      ᠬᠤᠸᠠᠩ ᡁᠢ ᠴᠢᠶᠠᠩ᠂ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠢᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠠᠵᠢᠯ ᠢ ᠪᠦᠬᠦ ᠲᠠᠯ᠎ᠡ ᠪᠠᠷ ᠲᠠᠮᠵᠢᠵᠤ᠂ ᠪᠡᠯᠡ ᠮᠦᠡᠭᠭᠦ ᠴᠤᠬᠯᠠᠭᠤᠯᠬᠤ ᠪᠦᠭᠡᠳ ᠪᠠᠰᠠ ᠤᠶᠤᠨ ᠤᠬᠠᠭᠠᠨ ᠬᠤᠷᠠᠮᠳᠤᠭᠤᠯᠬᠤ ᠬᠡᠷᠡᠭᠳᠠᠢ᠃ ᠲᠤᠮᠳᠠᠳᠤ ᠤᠯᠤᠰ ᠤᠨ ᠪᠦᠳᠦᠭᠡᠨ ᠪᠠᠶᠢᠭᠤᠯᠤᠯᠳᠠ ᠶᠢᠨ ᠪᠠᠩᠭᠢ ᠶᠢᠨ ᠬᠢᠨ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠭᠤᠰᠢᠯᠠᠭᠤᠯᠵᠤ᠂ ᠬᠦᠯᠤᠨ ᠪᠤᠶᠢᠷ ᠬᠤᠳᠠ ᠳᠤ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠡᠭᠡᠳᠤ ᠰᠤᠷᠭᠠᠭᠤᠯᠢ ᠶᠢ ᠪᠠᠶᠢᠭᠤᠯᠬᠤ ᠨᠢ ᠮᠠᠨ ᠤ ᠤᠷᠤᠨ ᠳᠤ ᠲᠤᠰᠬᠠᠢᠢᠯᠡᠨ ᠨᠢᠭᠡ ᠪᠦᠯᠦᠭ ︽ᠮᠦᠡᠭᠭᠦᠨ ᠬᠦᠢᠯᠭᠡᠭᠡ ᠶᠢ ᠤᠢᠢᠯᠠᠭᠠᠬᠤ᠂ ᠲᠠᠷᠢᠶᠠᠯᠠᠩ ᠢ ᠤᠢᠢᠯᠠᠭᠠᠬᠤ᠂ ᠲᠡᠷᠢᠶᠠᠴᠢᠳ ᠲᠤ ᠦᠢᠯᠡᠴᠢᠯᠡᠬᠦ︾ ᠴᠢᠳᠠᠪᠤᠷᠢᠳᠠᠨ ᠤ ᠡᠩᠨᠡᠭᠡ ᠶᠢ ᠬᠦᠮᠦᠵᠢᠬᠦᠯᠤᠨ ᠦᠭᠴᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠦᠢᠯᠡᠴᠢᠯᠡᠬᠦᠯᠬᠦ ᠪᠤᠯᠤᠨ᠎ᠠ ᠭᠡᠵᠤ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号