ᠦᠪᠦᠷ ᠵᠠᠰᠠᠭ ᠦᠰᠦᠭ〔 2020〕33 ᠳ᠋ᠤᠭᠠᠷ ᠲᠤᠭᠠᠳᠤ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠨᠨᠳᠠᠯ ᠪᠦᠭᠦᠢ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠠ ᠳᠤ᠄
2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠰᠡᠭᠦᠯ ᠬᠤᠷᠢᠶᠠᠬᠤ ᠵᠢᠯ ᠪᠣᠯᠤᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠪᠦᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠢᠯᠠᠯᠲᠠ ᠶᠢ ᠴᠢᠷᠮᠠᠶᠢᠨ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠬᠦᠴᠦᠲᠡᠶ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠤᠶᠠᠯᠳᠤᠭᠤᠯᠤᠨ᠂ ᠡᠳᠦᠬᠡ ᠬᠤᠯᠪᠤᠨᠨᠳᠠᠯ ᠪᠦᠭᠦᠢ ᠤᠴᠢᠷ ᠢ ᠲᠤᠤᠷᠠᠬᠢ ᠮᠡᠳᠦ ᠮᠡᠳᠡᠭᠳᠡᠪᠡ᠄
ᠨᠢᠭᠡ᠂ ᠬᠢᠨᠠᠨ ᠬᠠᠷᠭᠤᠭᠤᠯᠵᠤ ᠲᠣᠭᠲᠠᠭᠠᠭᠰᠠᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ
ᠡᠯ᠎ᠡ ᠭᠠᠵᠠᠷ ᠣᠷᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠬᠠᠷᠭᠤᠭᠤᠯᠵᠤ ᠲᠣᠭᠲᠠᠭᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠴᠠᠭ ᠲᠤᠬᠠᠶ ᠳᠤ ᠨᠢ ᠨᠡᠶᠢᠭᠡᠮ ᠳᠤ ᠨᠡᠶᠢᠲᠡᠯᠡᠬᠦ ᠶᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠶ᠃ ᠲᠣᠰ ᠵᠢᠯ ᠤᠨ ᠳᠣᠲᠣᠷ᠎ᠠ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠲᠤᠬᠢᠷᠠᠭᠤᠯᠬᠤ ᠳᠤ ᠬᠤᠯᠪᠣᠭᠳᠠᠯ ᠪᠦᠬᠦᠢ ᠳᠡᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠪᠡᠯᠡ ᠮᠦᠩᠬᠦ ᠪᠠᠨ ᠨᠥᠬᠦᠪᠥᠷᠢᠯᠡᠨ ᠦᠭᠴᠤ ᠳᠠᠭᠤᠰᠬᠠᠬᠤ ᠬᠡᠷᠡᠭᠲᠡᠶ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠠᠴᠠ ᠭᠠᠷᠤᠨᠨᠰᠠᠨ ᠪᠠᠶᠢᠪᠠᠯ ᠨᠦᠭᠦᠪᠦᠷᠢᠯᠡᠵᠦ ᠦᠭᠬᠦ ᠦᠬᠡᠢ᠃ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ ᠠᠶᠢᠮᠠᠭ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠰᠢᠨ᠎ᠡ ᠪᠠᠷᠢᠮᠵᠢᠶ᠎ᠠ ᠶᠢ ᠬᠡᠷᠡᠭᠵᠢᠬᠦᠯᠦᠭᠰᠡᠨ ᠪᠠ ᠪᠡᠯᠡ ᠮᠥᠩᠭᠦ ᠤᠯᠭᠤᠨᠨᠰᠠᠨ ᠪᠠᠶᠢᠳᠠᠯ ᠳᠤ ᠪᠠᠶᠢᠴᠠᠭᠠᠯᠲᠠ ᠬᠢᠬᠦ ᠶᠢᠨ ᠬᠠᠮᠲᠤ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠮᠡᠳᠡᠭᠦᠯᠬᠦ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ ᠵᠤᠬᠢᠴᠠᠭᠤᠯᠤᠨ ᠬᠠᠮᠵᠢᠯᠴᠠᠵᠤ᠂ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠴᠠᠭ ᠲᠤ ᠨᠢ ᠲᠤᠭ᠎ᠠ ᠶᠤᠰᠤᠭᠠᠷ ᠤᠯᠭᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠪᠤᠷᠠᠨ ᠲᠤᠰᠠᠯᠠᠬᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠ ᠠᠶᠢᠮᠠᠭ ᠬᠤᠲᠠ ᠶᠢᠨ ᠪᠠᠶᠢᠴᠠᠭᠠᠭᠰᠠᠨ ᠪᠠᠶᠢᠳᠠᠯ ᠳᠤ ᠬᠢᠨᠠᠯᠳᠠ ᠲᠠᠯᠪᠢᠵᠦ ᠪᠠᠶᠢᠴᠠᠭᠠᠨ ᠦᠵᠡᠬᠦ ᠬᠡᠷᠡᠭᠳᠡᠢ᠃
ᠬᠤᠶᠠᠷ᠂ ᠨᠡᠶᠢᠭᠡᠮ ᠤᠨ ᠠᠪᠤᠷᠠᠨ ᠲᠤᠰᠠᠯᠠᠬᠤ ᠲᠠᠯ᠎ᠠ ᠪᠠᠷ ᠬᠢ ᠰᠠᠭᠤᠷᠢ ᠠᠴᠠ ᠨᠢ ᠲᠠᠭᠠᠭᠠᠨ ᠪᠠᠳᠤᠯᠠᠬᠤ ᠠᠵᠢᠯ ᠢ ᠦᠨᠡᠨ ᠬᠦ ᠰᠠᠶᠢᠳᠤᠷ ᠬᠡᠷᠡᠭᠲᠡᠶ
ᠡᠯ᠎ᠡ ᠭᠠᠵᠠᠷ ᠣᠷᠣᠨ ᠨᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠳᠦᠷᠢᠮ ᠢᠶᠠᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠲᠠᠢ ᠪᠦᠳᠦᠮᠵᠢᠳᠡᠢ ᠵᠣᠯᠭᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠳᠡᠭᠰᠡᠳ ᠢ ᠮᠠᠭᠠᠳᠯᠠᠨ ᠲᠣᠭᠲᠠᠭᠠᠬᠤ ᠶᠠᠪᠤᠴᠠ ᠳᠤ ᠠᠪᠤᠷᠠᠨ ᠲᠤᠰᠠᠯᠠᠭᠤᠯᠬᠤ ᠭᠦᠮᠦᠰ ᠤᠨ ᠭᠡᠷ ᠪᠦᠯᠢ ᠶᠢᠨ ᠪᠦᠷᠢᠯᠳᠦᠬᠦᠨ ᠤ ᠬᠢᠵᠢᠭ ᠲᠠᠬᠤᠯ ᠡᠪᠡᠳᠴᠢᠨ ᠡᠮᠬᠡᠭ ᠵᠡᠮᠳᠡᠭ ᠵᠡᠷᠡᠮᠳᠡᠭ ᠵᠡᠷᠭᠡ ᠠᠴᠠ ᠪᠤᠯᠵᠦ ᠨᠡᠮᠡᠭᠳᠡᠭᠰᠡᠨ ᠵᠠᠶᠢᠯᠠᠰᠢ ᠦᠬᠡᠢ ᠵᠠᠷᠤᠯᠭ᠎ᠠ ᠵᠡᠷᠬᠡ ᠶᠢ ᠨᠢ ᠭᠡᠷ ᠪᠦᠯᠢ ᠶᠢᠨ ᠣᠷᠣᠯᠭ᠎ᠠ ᠶᠢ ᠲᠣᠭᠠᠴᠠᠨ ᠪᠣᠳᠣᠬᠤ ᠦᠶ᠎ᠡ ᠳᠤ ᠬᠠᠰᠤᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠠᠳᠤᠶ ᠶᠠᠳᠠᠭᠤ ᠬᠦᠴᠢᠷᠳᠡᠯᠲᠡᠶ ᠭᠦᠮᠦᠰ᠂ ᠶᠠᠳᠠᠭᠤᠷᠠᠬᠤ ᠪᠠ ᠲᠠᠬᠢᠨ ᠶᠠᠳᠠᠭᠤᠷᠠᠬᠤ ᠪᠤᠯᠤᠮᠵᠢ ᠶᠡᠭᠡ ᠲᠠᠢ ᠭᠦᠮᠦᠰ ᠵᠡᠷᠭᠡ ᠭᠤᠤᠯᠳᠠᠯᠭ᠎ᠠ ᠲᠠᠢ ᠭᠦᠮᠦᠰ ᠲᠤ ᠠᠩᠬᠠᠷᠤᠯ ᠲᠦᠪᠯᠡᠷᠡᠭᠦᠯᠦᠨ᠂ ᠠᠪᠤᠷᠠᠨ ᠲᠤᠰᠠᠯᠠᠬᠤ ᠲᠠᠯ᠎ᠠ ᠪᠠᠷ ᠬᠢ ᠰᠠᠭᠤᠷᠢ ᠠᠴᠠ ᠨᠢ ᠲᠠᠭᠠᠭᠠᠨ ᠪᠠᠳᠤᠯᠠᠬᠤ ᠪᠠᠶᠢᠳᠠᠯ ᠢ ᠤᠶᠢᠯᠠᠭᠠᠵᠦ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠨᠥᠬᠦᠴᠡᠯ ᠳᠤ ᠨᠡᠶᠢᠴᠡᠬᠦ ᠭᠦᠮᠦᠰ ᠲᠤ ᠠᠪᠤᠷᠠᠨ ᠲᠤᠰᠠᠯᠠᠬᠤ ᠲᠠᠯ᠎ᠠ ᠪᠠᠷ ᠬᠢ ᠰᠠᠭᠤᠷᠢ ᠠᠴᠠ ᠨᠢ ᠲᠠᠭᠠᠭᠠᠨ ᠪᠠᠳᠤᠯᠠᠬᠤ ᠠᠷᠭ᠎ᠠ ᠬᠡᠮᠵᠢᠶ᠎ᠡ ᠶᠢ ᠨᠠᠷᠢᠯᠢᠭ ᠤᠨᠤᠪᠴᠢᠳᠠᠢ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠳᠡᠢ᠃ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠬᠤᠭᠤᠴᠠᠭᠠᠨ ᠳᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠭᠰᠠᠨ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶᠠᠨ ᠠᠴᠠ ᠲᠠᠪᠠᠭᠰᠠᠨ ᠪᠤᠯ᠂ ᠵᠣᠬᠢᠬᠤ ᠬᠤᠭᠤᠴᠠᠭ᠎ᠠ ᠲᠠᠢ ︽ᠢᠳᠡᠭ ᠢᠳᠡᠭ ᠢᠶᠠᠷ ᠪᠤᠴᠠᠭᠠᠬᠤ ᠬᠤᠭᠤᠴᠠᠭ᠎ᠠ︾ ᠭᠠᠷᠭᠠᠨ ᠦᠭᠴᠤ ᠪᠣᠯᠤᠨ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠨᠢ ᠲᠡᠳᠡᠨ ᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠰᠠᠨ ᠢ ᠨᠢ ᠲᠤᠳᠤᠯᠬᠠᠰᠠᠨ ᠤ ᠲᠠᠷᠠᠭ᠎ᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠠᠴᠠ ᠭᠠᠷᠭᠠᠵᠦ᠂ ᠰᠠᠭᠤᠷᠢ ᠠᠴᠠ ᠨᠢ ᠲᠠᠭᠠᠭᠠᠨ ᠪᠠᠳᠤᠯᠠᠵᠦ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠬᠦᠯᠬᠦ ᠬᠡᠷᠡᠭᠳᠡᠢ᠃ ᠲᠦᠷ ᠴᠠᠭ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠶᠠᠳᠠᠭᠤ ᠭᠦᠴᠢᠷᠳᠡᠯᠳᠡᠢ ᠭᠦᠮᠦᠰ ᠢ ᠠᠪᠤᠷᠠᠨ ᠲᠤᠰᠠᠯᠠᠬᠤ ᠬᠡᠪᠴᠢᠶᠡᠨ ᠳᠤ ᠴᠠᠭ ᠲᠤᠬᠠᠢ ᠳᠤ ᠨᠢ ᠣᠷᠣᠭᠤᠯᠬᠤ ᠬᠡᠷᠡᠭᠲᠡᠶ᠃ ᠬᠥᠳᠡᠯᠮᠦᠷᠢᠯᠡᠬᠦ ᠴᠢᠳᠠᠪᠤᠷᠢ ᠪᠠᠨ ᠠᠯᠳ᠋ᠬᠠᠰᠠᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠭᠦᠮᠦᠰ ᠤᠨ ᠦᠨᠳᠦᠰᠦᠨ ᠠᠮᠢᠳᠤᠷᠠᠯ ᠢ ᠰᠠᠭᠤᠷᠢ ᠠᠴᠠ ᠨᠢ ᠲᠠᠭᠠᠭᠠᠨ ᠪᠠᠳᠤᠯᠠᠬᠤ ᠳᠤ ᠨᠡᠷᠡᠯᠡᠨ ᠵᠢᠭᠠᠵᠦ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠡᠭᠦᠷᠭᠡ ᠲᠠᠭᠠᠭᠠᠯᠭᠠᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠳᠡᠢ᠃
ᠭᠤᠷᠪᠠ᠂ ᠨᠡᠶᠢᠭᠡᠮ ᠤᠨ ᠠᠪᠤᠷᠠᠨ ᠲᠤᠰᠠᠯᠠᠬᠤ ᠲᠠᠯ᠎ᠠ ᠪᠠᠷ ᠬᠢ ᠵᠢᠷᠤᠮᠵᠢᠭᠰᠠᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠳᠡᠢ
︵ᠨᠢᠭᠡ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢ ᠭᠦᠨᠵᠡᠬᠡᠶᠢᠷᠡᠬᠦᠯᠬᠦ ᠬᠡᠷᠡᠭᠳᠡᠢ᠃ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ ᠵᠠᠰᠠᠯᠲᠠ ᠶᠢ ᠭᠦᠨᠵᠡᠬᠡᠢ ᠠᠬᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠬᠦᠯᠬᠦ ᠬᠡᠷᠡᠭᠳᠡᠢ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠳᠡᠭᠰᠡᠳ ᠢ ᠲᠤᠶᠢᠯ ᠤᠨ ᠤᠨᠤᠪᠴᠢᠳᠠᠢ ᠪᠠᠷ ᠮᠠᠭᠠᠳᠯᠠᠨ ᠲᠤᠨᠨᠳᠠᠭᠠᠬᠤ ᠶᠢ ᠠᠬᠢᠭᠤᠯᠵᠤ᠂ ᠡᠯ᠎ᠡ ᠭᠠᠵᠠᠷ ᠣᠷᠣᠨ ᠶᠡᠷᠦᠩᠬᠡᠶᠢᠯᠡᠨ ᠮᠠᠭᠠᠳᠯᠠᠵᠦ ᠲᠣᠭᠲᠠᠭᠠᠬᠤ ᠭᠦᠢᠴᠡᠳᠬᠡᠯ ᠲᠤᠭ᠎ᠠ ᠪᠠᠶᠢᠷᠢᠯᠠᠭᠤᠯᠬᠤ ᠳᠤ ᠪᠠᠨ ᠮᠠᠯᠵᠢᠬᠤ ᠣᠷᠣᠨ᠂ ᠬᠢᠯᠢ ᠬᠢᠵᠠᠭᠠᠷ ᠣᠷᠣᠨ ᠳᠤ ᠠᠮᠢᠳᠤᠷᠠᠵᠤ ᠪᠠᠶᠢᠭ᠎ᠠ ᠬᠦᠴᠢᠷᠳᠡᠯᠲᠡᠶ ᠣᠯᠠᠨ ᠲᠦᠮᠡᠨ ᠪᠠ ︽ᠳᠥᠷᠪᠡᠨ ᠴᠦᠬᠡᠨ ᠲᠤᠭᠠᠳᠤ︾ ᠦᠨᠳᠦᠰᠦᠲᠡᠨ ᠤ ᠣᠯᠠᠨ ᠲᠦᠮᠡᠨ ᠤ ᠠᠮᠢᠳᠤᠷᠠᠯ ᠤᠨ ᠥᠪᠡᠷ ᠤᠨ ᠥᠷᠲᠡᠭ ᠤᠨ ᠨᠡᠮᠡᠭᠳᠡᠵᠦ ᠪᠠᠶᠢᠭ᠎ᠠ ᠭᠦᠴᠦᠨ ᠵᠦᠢᠯ ᠢ ᠪᠣᠳᠣᠯᠬᠢᠯᠠᠬᠤ ᠬᠡᠷᠡᠭᠲᠡᠶ᠃ ᠠᠶᠢᠮᠠᠭ ᠬᠤᠲᠠ ᠨᠢ ᠪᠤᠳᠠᠳᠠᠢ ᠲᠠᠢ ᠪᠠᠨ ᠤᠶᠠᠯᠳᠤᠭᠤᠯᠤᠨ ᠲᠣᠰ ᠵᠠᠰᠠᠭ ᠵᠠᠬᠢᠷᠭᠠᠨ ᠤ ᠣᠷᠣᠨ ᠳᠠᠬᠢ ᠶᠡᠷᠦᠩᠬᠡᠶᠢᠯᠡᠨ ᠮᠠᠭᠠᠳᠯᠠᠵᠦ ᠲᠣᠭᠲᠠᠭᠠᠬᠤ ᠭᠦᠢᠴᠡᠳᠬᠡᠯ ᠲᠤᠭ᠎ᠠ ᠶᠢ ᠠᠯᠬᠤᠮ ᠠᠯᠬᠤᠮ ᠢᠶᠠᠷ ᠨᠢᠭᠡᠳᠦᠯᠲᠡᠢ ᠲᠦᠯᠦᠪᠯᠡᠵᠦ᠂ ᠣᠷᠣᠨ ᠪᠦᠰᠡ ᠳᠠᠬᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠳᠡᠭᠰᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠬᠠᠷᠢᠴᠠᠩᠭᠤᠶ ᠨᠢᠭᠡᠳᠦᠯᠲᠡᠶ ᠭᠦᠢᠴᠡᠳᠬᠡᠯ ᠲᠤᠭᠠᠨ ᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠲᠠᠯ᠎ᠠ ᠳᠠᠬᠢ ᠬᠦᠴᠢᠷᠳᠡᠯᠲᠡᠶ ᠣᠯᠠᠨ ᠲᠦᠮᠡᠨ ᠤ ᠡᠷᠬᠡ ᠠᠰᠢᠭ ᠨᠢ ᠡᠷᠬᠡ ᠲᠡᠭᠰᠢ᠂ ᠲᠣᠬᠢᠶᠠᠯ ᠪᠠ ᠳᠦᠷᠢᠮ ᠨᠢ ᠭᠤᠤᠯᠴᠢ ᠪᠠᠶᠢᠬᠤ ᠶᠢ ᠪᠡᠶᠡᠯᠡᠬᠦᠯᠬᠦ ᠬᠡᠷᠡᠭᠲᠡᠶ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠬᠢᠨᠠᠨ ᠬᠠᠷᠭᠤᠭᠤᠯᠵᠦ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠲᠦᠭᠦᠮᠴᠢᠯᠡᠨ ᠰᠢᠯᠢᠳᠡᠭᠵᠢᠬᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠴᠠᠭ ᠲᠤᠬᠠᠶ ᠳᠤ ᠨᠢ ᠭᠦᠯᠢᠶᠡᠨ ᠠᠪᠴᠤ ᠰᠶᠢᠳᠪᠦᠷᠢᠯᠡᠨ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠵᠦᠢᠯᠡᠰ ᠢ ᠪᠦᠭᠦ ᠶᠠᠪᠤᠴᠠ ᠳᠤ ᠨᠢ ᠰᠦᠯᠵᠢᠶ᠎ᠡ ᠪᠠᠷ ᠭᠦᠢᠴᠡᠳᠬᠡᠬᠦ ᠶᠢ ᠢᠳᠡᠪᠬᠢᠲᠡᠶ ᠬᠡᠷᠡᠭᠵᠢᠬᠦᠯᠬᠦ ᠬᠡᠷᠡᠭᠳᠡᠢ᠂ ᠭᠦᠢᠴᠡᠳᠬᠡᠬᠦ ᠴᠠᠭ ᠬᠤᠭᠤᠴᠠᠭ᠎ᠠ ᠶᠢ ᠪᠣᠭᠤᠨᠢᠰᠬᠠᠵᠤ᠂ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ ᠣᠯᠠᠨ ᠲᠦᠮᠡᠨ ᠪᠦᠭᠦᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠪᠠᠨ ᠦᠨᠡᠨ ᠬᠦ ᠪᠠᠳᠤᠯᠠᠬᠤ ᠬᠡᠷᠡᠭᠲᠡᠶ᠃
︵ᠬᠤᠶᠠᠷ︶ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠ ᠲᠦᠷ ᠴᠠᠭ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠣᠷᠣᠨ ᠨᠢ ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠪᠠᠨ ᠵᠢᠷᠤᠮᠵᠢᠭᠤᠯᠵᠤ᠂ ︽ᠠᠪᠤᠷᠠᠨ ᠲᠤᠰᠠᠯᠠᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠠᠪᠤᠷᠠᠨ ᠲᠤᠰᠠᠯᠠᠵᠦ᠂ ᠠᠰᠠᠷᠠᠨ ᠲᠡᠵᠢᠭᠡᠪᠡᠰᠦ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠠᠰᠠᠷᠠᠨ ᠲᠡᠵᠢᠭᠡᠬᠦ︾ ᠶᠢ ᠦᠨᠡᠨ ᠬᠦ ᠭᠦᠢᠴᠡᠳᠬᠡᠬᠦ ᠬᠡᠷᠡᠭᠲᠡᠶ᠃ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠵᠢᠷᠤᠮᠵᠢᠯ ᠢ ᠰᠤᠳᠤᠯᠤᠨ ᠲᠡᠭᠦᠯᠳᠡᠷᠵᠢᠬᠦᠯᠵᠦ᠂ ᠰᠠᠯᠤᠩᠬᠢᠳᠠ ᠠᠰᠠᠷᠠᠨ ᠲᠡᠵᠢᠬᠡᠯᠬᠡᠬᠦ ᠣᠨᠴᠠ ᠬᠦᠴᠢᠷᠳᠡᠯᠲᠡᠶ ᠬᠥᠮᠦᠰ ᠲᠤ ᠨᠠᠶᠢᠳᠠᠵᠤ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠠᠯᠤᠩᠬᠢᠳᠠ ᠠᠰᠠᠷᠠᠨ ᠲᠡᠵᠢᠬᠡᠯᠬᠡᠬᠦ ᠣᠨᠴᠠ ᠬᠦᠴᠢᠷᠳᠡᠯᠲᠡᠶ ᠬᠥᠮᠦᠰ ᠲᠤ ︽ᠶᠡᠷᠦᠳᠡ ᠶᠢᠨ ᠴᠠᠭ ᠲᠤ ᠬᠠᠷᠠᠭᠠᠯᠵᠠᠬᠤ ᠬᠥᠮᠦᠨ ᠲᠠᠢ᠂ ᠡᠪᠡᠳᠴᠢᠯᠡᠭᠰᠡᠨ ᠦᠶ᠎ᠡ ᠳᠤ ᠠᠰᠠᠷᠠᠬᠤ ᠬᠥᠮᠦᠨ ᠲᠠᠢ︾ ᠪᠤᠯᠭᠠᠬᠤ ᠶᠢ ᠦᠨᠡᠨ ᠬᠦ ᠪᠠᠳᠤᠯᠠᠬᠤ ᠬᠡᠷᠡᠭᠳᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠦᠷ ᠴᠠᠭ ᠠᠪᠤᠷᠠᠨ ᠲᠤᠰᠠᠯᠠᠬᠤ ᠠᠵᠢᠯ ᠳᠤ ︽ᠤᠷᠢᠳ ᠢᠶᠠᠷ ᠠᠪᠤᠷᠠᠨ ᠲᠤᠰᠠᠯᠠᠬᠤ︾ ᠪᠠ ︽ᠱᠠᠲᠤ ᠬᠤᠪᠢᠶᠠᠨ ᠬᠢᠨᠠᠨ ᠵᠥᠪᠰᠢᠶᠡᠷᠡᠬᠦ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠬᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠲᠦᠷ ᠴᠠᠭ ᠠᠪᠤᠷᠠᠨ ᠲᠤᠰᠠᠯᠠᠬᠤ ᠪᠡᠯᠡᠳᠬᠡᠯ ᠮᠦᠩᠬᠦᠨ ᠤ ᠳᠦᠷᠢᠮ ᠢ ᠬᠢᠨᠠᠮᠠᠭᠠᠶ ᠬᠡᠷᠡᠭᠵᠢᠬᠦᠯᠦᠨ᠂ ᠬᠢᠵᠢᠭ ᠲᠠᠬᠤᠯ ᠡᠪᠡᠳᠴᠢᠨ ᠡᠮᠬᠡᠭ ᠵᠡᠷᠭᠡ ᠠᠴᠠ ᠠᠮᠢᠳᠤᠷᠠᠯ ᠨᠢ ᠲᠦᠷ ᠴᠠᠭ ᠭᠦᠴᠢᠷᠳᠡᠯᠳᠡᠢ ᠪᠤᠯᠤᠨᠨᠰᠠᠨ ᠣᠯᠠᠨ ᠲᠦᠮᠡᠨ ᠳᠤ ᠲᠠᠷᠤᠶᠢᠬᠠᠨ ᠲᠦᠷ ᠴᠠᠭ ᠤᠨ ᠠᠪᠤᠷᠠᠯ ᠲᠤᠰᠠᠯᠠᠮᠵᠢ ᠦᠵᠡᠭᠦᠯᠵᠦ᠂ ᠲᠦᠷ ᠴᠠᠭ ᠠᠪᠤᠷᠠᠨ ᠲᠤᠰᠠᠯᠠᠬᠤ ᠠᠵᠢᠯ ᠤᠨ ᠬᠤᠭᠤᠴᠠᠭᠠᠲᠤ ᠦᠢᠯᠡᠳᠦᠯ ᠢ ᠲᠡᠬᠡᠭᠰᠢᠯᠡᠬᠦᠯᠬᠦ ᠬᠡᠷᠡᠭᠳᠡᠢ᠃
︵ᠭᠤᠷᠪᠠ︶ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠨᠢ ᠬᠠᠷᠭᠤᠭᠤᠯᠬᠤ ᠲᠣᠭᠲᠠᠴᠠ ᠶᠢ ᠲᠡᠭᠦᠯᠳᠡᠷᠵᠢᠬᠦᠯᠬᠦ ᠬᠡᠷᠡᠭᠳᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠣᠰ ᠱᠠᠲᠤᠨ ᠤ ᠬᠠᠷᠭᠤᠭᠤᠯᠬᠤ ᠲᠡᠪᠴᠡᠩ ᠢ ᠪᠠᠶᠢᠭᠤᠯᠬᠤ᠂ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠳᠤ ᠳᠤ ᠪᠠᠨ ᠭᠥᠷᠳᠡᠬᠦ᠂ ᠳ᠋ᠠᠶᠢᠲ᠋ᠠ ᠶᠢᠨ ᠮᠡᠳᠡᠭᠡ ᠵᠠᠩᠭᠢ ᠶᠢ ᠬᠠᠷᠭᠤᠭᠤᠯᠬᠤ ᠵᠡᠷᠭᠡ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠭᠤᠤᠯ ᠴᠤᠨᠨᠴᠠ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠬᠦ ᠬᠡᠷᠡᠭᠲᠡᠶ᠃ ᠲᠣᠭᠲᠠᠭᠠᠯ ᠶᠣᠰᠣᠭᠠᠷ ᠰᠢᠨ᠎ᠡ ᠪᠠᠷ ᠭᠤᠶᠤᠴᠢᠯᠠᠭᠰᠠᠨ ᠨᠡᠶᠢᠭᠡᠮ ᠤᠨ ᠠᠪᠤᠷᠠᠨ ᠲᠤᠰᠠᠯᠠᠭᠤᠯᠬᠤ ᠭᠦᠮᠦᠰ ᠢ ᠬᠢᠨᠠᠨ ᠬᠠᠷᠭᠤᠭᠤᠯᠬᠤ ᠪᠠ ᠬᠢᠨᠠᠨ ᠵᠥᠪᠰᠢᠶᠡᠷᠡᠬᠦ ᠭᠤᠭᠴᠤᠭ᠎ᠠ ᠳᠤ ᠬᠠᠷᠭᠤᠭᠤᠯᠤᠯᠳᠠ ᠬᠢᠵᠦ᠂ ᠠᠪᠤᠷᠠᠨ ᠲᠤᠰᠠᠯᠠᠭᠤᠯᠬᠤ ᠳᠤ ᠤᠷᠤᠭᠤᠯᠬᠤ ᠬᠢᠵᠠᠭᠠᠷᠯᠠᠯ ᠢ ᠴᠢᠩᠭ᠎ᠠ ᠡᠵᠡᠮᠳᠡᠵᠦ᠂ ᠠᠪᠤᠷᠠᠨ ᠲᠤᠰᠠᠯᠠᠭᠤᠯᠬᠤ ᠪᠠᠷ ᠭᠤᠶᠤᠴᠢᠯᠬᠠᠰᠠᠨ ᠪᠦᠭᠦᠨ ᠢ ᠴᠢᠩᠭ᠎ᠠ ᠬᠠᠷᠭᠤᠭᠤᠯᠬᠤ ᠪᠠᠨ ᠪᠠᠲᠤᠯᠠᠬᠤ ᠬᠡᠷᠡᠭᠲᠡᠶ︔ ᠨᠡᠶᠢᠭᠡᠮ ᠤᠨ ᠠᠪᠤᠷᠠᠨ ᠲᠤᠰᠠᠯᠠᠭᠤᠯᠬᠤ ᠭᠦᠮᠦᠰ ᠢ ᠤᠯᠠᠷᠢᠯ ᠪᠦᠷᠢ ᠠᠳᠠᠭ ᠲᠤ ᠪᠠᠨ ᠨᠢᠭᠡ ᠤᠳᠠᠭ᠎ᠠ ᠬᠠᠷᠭᠤᠭᠤᠯᠵᠤ᠂ ᠨᠥᠬᠦᠴᠡᠯ ᠳᠤ ᠨᠡᠶᠢᠴᠡᠬᠦ ᠦᠭᠡᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠳᠡᠭᠰᠡᠳ ᠢ ᠴᠠᠭ ᠲᠤᠬᠠᠶ ᠳᠤ ᠨᠢ ᠢᠯᠭᠠᠷᠠᠭᠤᠯᠤᠨ ᠭᠠᠷᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠭᠤᠤᠯᠳᠠᠯᠭ᠎ᠠ ᠲᠠᠢ ᠬᠢᠨᠠᠨ ᠰᠢᠨᠵᠢᠭᠰᠡᠨ ᠳ᠋ᠠᠶᠢᠲ᠋ᠠ ᠶᠢ ᠦᠨᠳᠦᠷ ᠪᠦᠲᠦᠮᠵᠢᠲᠡᠶ ᠪᠠᠷ ᠰᠶᠢᠳᠪᠦᠷᠢᠯᠡᠬᠦ ᠶᠢᠨ ᠬᠠᠮᠲᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠦᠷᠳᠡᠭᠰᠡᠳ ᠪᠠ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠮᠡᠳᠡᠭᠡ ᠵᠠᠩᠭᠢ ᠶᠢᠨ ᠰᠢᠰᠲ᠋ᠧᠮ ᠢ ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠠᠪᠤᠷᠠᠨ ᠲᠤᠰᠠᠯᠠᠭᠤᠯᠬᠤ ᠭᠦᠮᠦᠰ ᠤᠨ ᠭᠤᠶᠤᠴᠢᠯᠠᠯ ᠢ ᠬᠢᠨᠠᠨ ᠬᠠᠷᠭᠤᠭᠤᠯᠬᠤ ᠪᠠ ᠲᠤᠨᠨᠳᠠᠮᠠᠯ ᠬᠤᠭᠤᠴᠠᠭᠠᠨ ᠳᠤ ᠲᠠᠬᠢᠨ ᠬᠠᠷᠭᠤᠭᠤᠯᠬᠤ ᠳᠤ ᠪᠠᠨ ᠠᠯᠢ ᠴᠢᠳᠠᠬᠤ ᠪᠠᠷ ᠲᠤᠮᠤ ᠳ᠋ᠠᠶᠢᠲ᠋ᠠ ᠲᠠᠢ ᠬᠠᠷᠢᠴᠠᠭᠤᠯᠤᠨ ᠬᠠᠷᠭᠤᠭᠤᠯᠬᠤ ᠵᠢᠴᠢ ᠦᠯᠦ ᠨᠢᠭᠤᠷᠳᠠᠬᠤ ᠬᠡᠯᠪᠡᠷᠢ ᠶᠢᠨ ᠵᠡᠷᠬᠡ ᠠᠷᠭ᠎ᠠ ᠪᠠᠷᠢᠯ ᠢ ᠬᠡᠷᠡᠭᠯᠡᠬᠦ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ᠂ ᠭᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ ᠤᠨ ︽ᠦᠨᠡᠨᠴᠢ ᠢᠳᠡᠬᠡᠮᠵᠢ ᠶᠢᠨ ᠮᠡᠳᠡᠭᠳᠡᠬᠦ ᠲᠦᠷᠢᠮ ᠢ ᠪᠠᠶᠢᠭᠤᠯᠬᠤ ᠶᠢᠨ ᠬᠠᠮᠳᠤ ᠨᠡᠶᠢᠬᠡᠮ ᠤᠨ ᠠᠪᠤᠷᠠᠨ ᠲᠤᠰᠠᠯᠠᠬᠤ ᠲᠠᠯ᠎ᠠ ᠪᠠᠷ ᠬᠢ ᠢᠳᠡᠬᠡᠯ ᠠᠯᠳ᠋ᠬᠠᠰᠠᠳ ᠲᠤ ᠬᠤᠯᠪᠤᠭᠠᠯᠠᠵᠦ ᠵᠠᠯᠬᠠᠭᠠᠨ ᠴᠡᠬᠡᠷᠯᠡᠬᠦᠯᠬᠦ ᠠᠵᠢᠯ ᠢ ᠬᠡᠷᠡᠭᠵᠢᠬᠦᠯᠬᠦ ᠲᠤᠬᠠᠢ ᠮᠡᠳᠡᠭᠳᠡᠯ︾ ︵ᠦᠪᠦᠷ ᠠᠷᠠᠳ ᠶᠠᠪᠤᠳᠠᠯ ᠲᠠᠷᠬᠠᠭᠠᠨᠨᠰᠠᠨ ﹇2020﹈ 6 ᠳ᠋ᠤᠭᠠᠷ ᠲᠤᠭᠠᠳᠤ︶ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠬᠦ ᠬᠡᠷᠡᠭᠳᠡᠢ᠃
ᠲᠦᠷᠪᠡ᠂ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠤᠨᠨᠳᠠᠭᠤᠯᠵᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠬᠦᠯᠬᠦ ᠠᠵᠢᠯ ᠢ ᠰᠠᠶᠢᠲᠤᠷ ᠬᠢᠬᠦ ᠬᠡᠷᠡᠭᠲᠡᠶ
ᠡᠯ᠎ᠡ ᠭᠠᠵᠠᠷ ᠣᠷᠣᠨ ᠨᠢ ︽ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠤᠨᠨᠳᠠᠭᠤᠯᠵᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ 15 ᠳ᠋ᠤᠭᠠᠷ ᠲᠣᠭᠠᠲᠤ︶ ᠪᠠ ︽ᠱᠠᠲᠤ ᠦᠶ᠎ᠡ ᠶᠢᠨ ᠴᠢᠨᠠᠷᠲᠠᠶ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠴᠡᠷᠢᠭ ᠤᠨ ᠠᠯᠪᠠ ᠠᠴᠠ ᠬᠠᠯᠬᠠᠳ᠋ᠬᠠᠰᠠᠨᠳ ᠤᠨ ᠶᠠᠪᠤᠳᠠᠯ ᠤᠨ ᠶᠠᠮᠤᠨ ᠤᠯᠤᠰ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠮᠡᠳᠡᠭᠳᠡᠯ︾
︵ᠬᠥᠭᠵᠢᠭᠦᠯᠦᠯᠲᠡ ᠥᠭᠡᠷᠡᠴᠢᠯᠡᠯᠲᠡ ᠴᠠᠬᠢᠯᠭᠠᠨ ﹇2020﹈ 876 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠦ᠂ ᠥᠪᠡᠷᠲᠡᠭᠡᠨ ᠵᠠᠰᠠᠬᠤ ᠣᠷᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠤᠨᠨᠳᠠᠭᠤᠯᠵᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠬᠦᠯᠦᠭᠰᠡᠨ ᠤ ᠳᠠᠷᠠᠭ᠎ᠠ᠂ ᠬᠦᠴᠢᠷᠳᠡᠯᠲᠡᠶ ᠣᠯᠠᠨ ᠲᠦᠮᠡᠨ ᠳᠤ ᠲᠦᠷ ᠴᠠᠭ ᠤᠨ ᠦᠨ᠎ᠡ ᠬᠠᠩᠰᠢ ᠶᠢᠨ ᠨᠡᠮᠡᠭᠦᠷᠢ ᠣᠯᠭᠤᠬᠤ ᠠᠵᠢᠯ ᠢ ᠳᠠᠷᠦ᠋ᠢᠬᠠᠨ ᠵᠣᠬᠢᠶᠠᠨ ᠪᠠᠶᠢᠭᠤᠯᠵᠦ ᠦᠷᠨᠢᠬᠦᠯᠬᠦ ᠬᠡᠷᠡᠭᠳᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠬᠠᠷᠢᠯᠴᠠᠨ ᠬᠠᠮᠵᠢᠯᠴᠠᠵᠦ᠂ ᠲᠦᠷ ᠴᠠᠭ ᠤᠨ ᠦᠨ᠎ᠡ ᠬᠠᠩᠰᠢ ᠶᠢᠨ ᠨᠡᠮᠡᠭᠦᠷᠢ ᠶᠢ ᠱᠠᠭᠠᠷᠳᠠᠯᠭ᠎ᠠ ᠶᠣᠰᠣᠭᠠᠷ ᠴᠠᠭ ᠲᠤ ᠨᠢ ᠲᠤᠭ᠎ᠠ ᠶᠤᠰᠤᠭᠠᠷ ᠣᠯᠭᠤᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠦᠯᠦ ᠨᠦᠯᠦᠬᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃
ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠪᠠᠷᠢᠮᠵᠢᠶᠠᠨ ᠤ ᠨᠠᠷᠢᠨ ᠬᠦᠰᠦᠨᠦᠭᠲᠦ
2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶᠠᠨ ᠤ ᠨᠠᠷᠢᠨ ᠬᠦᠰᠦᠨᠦᠭᠲᠦ
3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠣᠨᠴᠠ ᠬᠦᠴᠢᠷᠳᠡᠯᠲᠡᠶ ᠬᠥᠮᠦᠰ ᠢ ᠬᠠᠷᠠᠭᠠᠯᠵᠠᠨ ᠰᠤᠪᠢᠯᠠᠬᠤ ᠪᠠᠷᠢᠮᠵᠢᠶᠠᠨ ᠤ ᠨᠠᠷᠢᠨ ᠬᠦᠰᠦᠨᠦᠭᠲᠦ
2020 ᠣᠨ ᠤ 4 ᠳ᠋ᠤᠬᠡᠷ ᠰᠠᠷ᠎ᠠ ᠶᠢᠨ 29 ᠤ ᠡᠳᠦᠷ
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠳᠠᠭᠠᠯᠳᠤᠭᠤᠯᠤᠯ1. ᠬᠦᠰᠦᠨᠦᠭᠲᠦ ᠨᠢᠭᠡ
ᠬᠦᠰᠦᠨᠦᠭᠲᠦ ᠬᠤᠶᠠᠷ
ᠬᠦᠰᠦᠨᠦᠭᠲᠦ ᠭᠤᠷᠪᠠ
ᠳᠠᠭᠠᠯᠳᠤᠭᠤᠯᠤᠯ 2 . ᠬᠦᠰᠦᠨᠦᠭᠲᠦ ᠨᠢᠭᠡ
ᠬᠦᠰᠦᠨᠦᠭᠲᠦ ᠬᠤᠶᠠᠷ
ᠬᠦᠰᠦᠨᠦᠭᠲᠦ ᠭᠤᠷᠪᠠ
ᠳᠠᠭᠠᠯᠳᠤᠭᠤᠯᠤᠯ 3. ᠬᠦᠰᠦᠨᠦᠭᠲᠦ ᠨᠢᠭᠡ
ᠬᠦᠰᠦᠨᠦᠭᠲᠦ ᠬᠤᠶᠠᠷ