ᠲᠤᠮᠲᠠᠲᠤ ᠤᠯᠤᠰ ᠤᠨ ᠪᠠᠩᠭᠢ ᠶᠢᠨ ᠮᠦᠩᠭᠦᠨ ᠬᠦᠢᠯᠭᠡᠭᠡᠨ ᠤ ᠰᠢᠨᠵᠢᠯᠡᠬᠦ ᠤᠠᠬᠭᠠᠠ ᠲᠧᠭᠨᠢᠭ ᠮᠡᠷᠭᠡᠵᠢᠯ ᠎ ᠤᠨ ᠲᠦᠪ ᠤᠨ ᠬᠤᠷᠢᠠᠭᠡᠷ ᠰᠢᠨ᠎ᠠ ᠲᠤᠭᠤᠷᠢᠭ ᠤᠨ ᠬᠦᠷᠢᠶᠡᠯᠡᠩ ᠲᠤᠭᠤᠷᠢᠭ ᠤᠨ ᠪᠠᠷᠢᠯᠭ᠎ᠠ ᠡᠬᠢᠯᠡᠵᠥ ᠰᠠᠭᠤᠷᠢ ᠲᠠᠯᠪᠢᠵᠠᠢ  ᠬᠤᠸᠠᠩ ᡁᠢ ᠴᠢᠶᠠᠩ ᠰᠠᠭᠤᠷᠢ ᠲᠠᠯᠪᠢᠬᠤ ᠶᠤᠰᠤᠯᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/11/23
     11 ᠰᠠᠷ᠎ᠠ ᠶᠢᠨ 20᠎ ᠤ ᠡᠲᠦᠷ᠂ ᠲᠤᠮᠲᠠᠲᠤ ᠤᠯᠤᠰ ᠤᠨ ︽ᠮᠦᠩᠭᠦᠨ ᠬᠦᠢᠯᠭᠡᠭᠡᠨ ᠤ ᠡᠭᠦᠯᠡᠡ ᠬᠦᠨᠳᠡᠢ︾᠎ ᠶᠢᠨ ᠠᠩᠬᠠᠲᠠᠭᠴᠢ ᠮᠦᠩᠭᠦᠨ ᠬᠦᠢᠯᠭᠡᠭᠡᠡ ᠤ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠲᠦᠷᠦᠯ ᠵᠦᠢᠯ  — ᠲᠤᠮᠲᠠᠲᠤ ᠤᠯᠤᠰ ᠤᠨ ᠪᠠᠩᠭᠢ ᠶᠢᠨ ᠮᠦᠩᠭᠦᠨ ᠬᠦᠢᠯᠭᠡᠭᠡᠨ ᠤ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠲᠦᠪ ᠎ ᠤᠨ ᠬᠤᠷᠢᠨᠭᠡᠷ ᠰᠢᠨ᠎ᠠ ᠲᠤᠭᠤᠷᠢᠭ ᠤᠨ ᠬᠦᠷᠢᠶᠡᠯᠡᠩ ᠲᠤᠭᠤᠷᠢᠭ ᠪᠠᠷᠢᠯᠭ᠎ᠠ ᠡᠬᠢᠯᠡᠵᠥ ᠰᠠᠭᠤᠷᠢ ᠲᠠᠯᠪᠢᠵᠦ᠂ ᠡᠭᠦᠨ ᠢᠶᠠᠷ ᠳᠡᠮᠵᠢᠨ ᠲᠤᠮᠲᠠᠲᠤ ᠤᠯᠤᠰ ᠤᠨ ︽ᠮᠦᠩᠭᠦᠨ ᠬᠦᠢᠯᠭᠡᠭᠡᠨ ᠤ ᠡᠭᠦᠯᠡᠡ ᠬᠦᠨᠳᠡᠢ︾᠎ ᠶᠢᠨ ᠪᠦᠲᠦᠭᠡᠡ ᠪᠠᠶᠢᠭᠤᠯᠤᠯᠲᠠ ᠶᠢᠨ ᠬᠦᠰᠢᠭᠡ ᠶᠢ ᠨᠡᠬᠡᠬᠡᠵᠡᠢ᠃ ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ ᠬᠤᠸᠠᠩ ᡁᠢ ᠴᠢᠶᠠᠩ ᠰᠠᠭᠤᠷᠢ ᠲᠠᠯᠪᠢᠬᠤ ᠶᠤᠰᠤᠯᠠᠯ ᠳᠤ ᠤᠷᠤᠯᠴᠠᠭᠰᠠᠠ ᠪᠦᠭᠡᠳ ᠶᠠᠷᠢᠶ᠎ᠠ ᠲᠠᠯᠪᠢᠪᠠ᠃      ᠬᠦᠬᠡᠬᠤᠲᠠ ᠵᠠᠮ ᠬᠠᠷᠢᠯᠴᠠᠭ᠎ᠠ ᠲᠦᠭᠦᠮ᠂ ᠪᠠᠶᠢᠭᠠᠯᠢᠯᠢᠭ ᠬᠦᠷᠦᠭᠡᠯᠳᠡ ᠶᠢᠨ ᠬᠤᠭᠤᠴᠠᠭ᠎ᠠ ᠤᠷᠲᠤ᠂ ᠴᠠᠬᠢᠯᠭᠠᠠ ᠤ ᠦᠨ᠎ᠠ ᠶᠢᠨ ᠦᠪᠡᠷ ᠤᠨ ᠦᠷᠲᠡᠭ ᠲᠤᠤᠷ᠎ᠠ᠂ ᠰᠦᠯᠵᠢᠶᠠᠠ ᠤ ᠤᠷᠴᠢᠨ ᠲᠤᠭᠤᠷᠢᠨ ᠰᠠᠶᠢᠨ ᠵᠡᠷᠭᠡ ᠤᠯᠠᠠ ᠦᠪᠡᠷᠮᠢᠴᠡ ᠲᠠᠪᠠᠭᠤᠯᠢᠭ ᠲᠠᠢ᠂ ᠶᠠᠭ ᠡᠯ᠎ᠠ ᠲᠦᠷᠦᠯ ᠤᠨ ᠮᠦᠩᠭᠦᠠ ᠬᠦᠢᠯᠭᠡᠭᠡ ᠶᠢᠨ ᠪᠠᠶᠢᠭᠤᠯᠤᠮᠵᠢ ᠶᠢ ᠲᠦᠪᠯᠡᠷᠡᠭᠦᠯᠦᠨ ᠤᠷᠤᠭᠤᠯᠤᠨ ᠠᠪᠴᠢᠷᠠᠵᠦ ᠪᠤᠢ᠃ ᠲᠤᠰ ᠲᠦᠷᠦᠯ ᠵᠦᠢᠯ ᠤᠨ ᠶᠡᠷᠦᠩᠭᠡᠢ ᠪᠡᠯᠡ ᠤᠷᠤᠭᠤᠯᠤᠯᠲᠠ 113 ᠳ᠋ᠦᠩᠰᠢᠭᠤᠷ ᠲᠦᠬᠦᠷᠢᠭ ᠪᠠᠶᠢᠵᠦ᠂ ᠭᠤᠷᠪᠠᠠ ᠬᠤᠭᠤᠴᠠᠭ᠎ᠠ ᠬᠤᠪᠢᠶᠠᠠ ᠪᠦᠲᠦᠭᠡᠡ ᠪᠠᠶᠢᠭᠤᠯᠵᠦ᠂ ᠪᠦᠲᠦᠭᠡᠡ ᠪᠠᠶᠢᠭᠤᠯᠵᠦ ᠲᠠᠭᠤᠰᠤᠭᠰᠠᠠ ᠤ ᠲᠠᠷᠠᠭ᠎ᠠ ᠲᠤᠮᠲᠠᠲᠤ ᠤᠯᠤᠰ ᠤᠨ ᠪᠠᠩᠭᠢ ᠶᠢᠨ ᠢᠷᠡᠭᠡᠲᠦᠢ ᠶᠢᠨ ᠴᠢᠬᠤᠯᠠ ᠮᠦᠩᠭᠦᠨ ᠬᠦᠢᠯᠭᠡᠭᠡᠨ ᠤ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠲᠦᠪ᠂ ᠰᠢᠨ᠎ᠠ ᠶᠢ ᠡᠭᠦᠳᠬᠦ ᠲᠦᠪ ᠪᠣᠯᠣᠨ ᠦᠢᠯᠡᠳᠪᠦᠷᠢᠯᠡᠯ ᠤᠨ ᠲᠦᠪ ᠪᠤᠯᠬᠤ ᠪᠤᠯᠤᠨ᠎ᠠ᠃      ᠬᠤᠸᠠᠩ ᡁᠢ ᠴᠢᠶᠠᠩ᠂ ᠤᠲᠤᠬᠠᠠ ᠳᠤ ᠦᠪᠡᠷᠲᠡᠭᠡᠡ ᠵᠠᠰᠠᠬᠤ ᠤᠷᠤᠨ ᠶᠠᠭ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠨᠠᠶᠢᠲᠠᠪᠤᠷᠢᠵᠢᠭᠤᠯᠵᠦ᠂ ︽ᠠᠮᠢ ᠠᠬᠤᠢ ᠶᠢ ᠤᠷᠢᠳ ᠢᠶᠠᠷ ᠪᠤᠲᠤᠯᠬᠢᠯᠠᠵᠦ᠂ ᠪᠤᠬᠢᠷᠲᠤᠯ ᠦᠭᠡᠢ ᠬᠦᠭᠵᠢᠯᠲᠠ︾᠎ ᠪᠠᠷ ᠵᠢᠯᠤᠭᠤᠲᠤᠮᠵᠢ ᠪᠤᠯᠭᠠᠭᠰᠠᠠ ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠵᠠᠮ ᠎ ᠢᠶᠠᠷ ᠵᠠᠮᠨᠠᠵᠤ ᠪᠤᠢ᠃ ᠡᠭᠦᠯᠡᠡ ᠪᠤᠲᠤᠯᠲᠠ᠂ ᠲᠣᠮᠣ ᠳ᠋ᠠᠶᠢᠲ᠋ᠠ ᠶᠢᠨ ᠠᠵᠦ ᠦᠢᠯᠡᠰ ᠢ ᠬᠦᠨᠵᠡᠭᠡᠢ ᠬᠦᠭᠵᠢᠭᠦᠯᠬᠦ ᠶᠢᠨ ᠲᠠᠭᠠᠤ ᠠᠵᠦ ᠦᠢᠯᠡᠰ ᠤᠨ ᠲᠠᠪᠠᠭᠤᠯᠢᠭ ᠢ ᠬᠦᠢᠴᠡᠳ ᠪᠠᠲᠠᠷᠠᠭᠤᠯᠵᠦ᠂ ᠮᠦᠩᠭᠦᠨ ᠬᠦᠢᠯᠭᠡᠭᠡᠨ ᠤ ᠰᠢᠨᠵᠢᠯᠡᠬᠦ ᠤᠠᠬᠭᠠᠠ ᠲᠧᠭᠨᠢᠭ ᠮᠡᠷᠭᠡᠵᠢᠯ ᠤᠨ ᠰᠢᠨ᠎ᠠ ᠬᠦᠭᠵᠢᠯᠲᠠ ᠶᠢ ᠠᠬᠢᠭᠤᠯᠵᠦ᠂ ᠮᠦᠩᠭᠦᠨ ᠬᠦᠢᠯᠭᠡᠭᠡ᠂ ︽ᠢᠨᠲ᠋ᠧᠷ ᠰᠦᠯᠵᠢᠶ᠎ᠠ +︾᠂ ︽ᠲᠣᠮᠣ ᠳ᠋ᠠᠶᠢᠲ᠋ᠠ ᠶᠢᠨ ᠠᠶᠤᠯ ᠲᠦᠭᠰᠢᠬᠦᠷᠢ ᠶᠢ ᠡᠵᠡᠮᠲᠡᠬᠦ᠂ ᠲᠣᠮᠣ ᠳ᠋ᠠᠶᠢᠲ᠋ᠠ ᠶᠢᠨ ᠢᠲᠡᠭᠡᠮᠵᠢ᠂ ᠮᠦᠩᠭᠦᠨ ᠬᠦᠢᠯᠭᠡᠭᠡ ᠶᠢᠨ ᠵᠠᠬ᠎ᠠ ᠲᠡᠯᠭᠡᠭᠦᠷ ᠤᠨ ᠲᠤᠮᠤ ᠳ᠋ᠠᠶᠢᠲ᠋ᠠ ᠶᠢᠨ ᠵᠠᠲᠠᠯᠤᠯᠲᠠ ᠳᠤ ᠨᠡᠶᠢᠲᠡᠮ ᠬᠠᠷᠠᠭᠠᠯᠵᠠᠯ ᠦᠵᠡᠭᠦᠯᠬᠦ ᠵᠡᠷᠭᠡ ᠲᠠᠯ᠎ᠠ ᠪᠠᠷ ᠮᠦᠩᠭᠦᠨ ᠬᠦᠢᠯᠭᠡᠭᠡ ᠪᠤᠯᠤᠨ ᠰᠢᠨᠵᠢᠯᠡᠬᠦ ᠤᠠᠬᠭᠠᠠ ᠲᠧᠭᠨᠢᠭ ᠮᠡᠷᠭᠡᠵᠢᠯ ᠤᠨ ᠠᠭᠤᠰᠤᠯᠴᠠᠯ ᠤᠨ ᠡᠷᠴᠢᠮ ᠢ ᠴᠢᠩᠭᠠᠷᠠᠭᠤᠯᠵᠦ᠂ ︽ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠢᠶᠠᠷ ᠦᠪᠦᠷ ᠮᠤᠩᠭᠤᠯ ᠢᠶᠠᠨ ᠬᠦᠭᠵᠢᠭᠦᠯᠦᠨ ᠮᠠᠠᠲᠤᠭᠤᠯᠬᠤ︾ ᠪᠠ ᠠᠵᠦ ᠦᠢᠯᠡᠰ ᠤᠨ ᠪᠦᠲᠦᠴᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ ᠳᠤ ᠬᠦᠴᠦᠨ ᠨᠡᠮᠡᠷᠢᠯᠡᠬᠦ ᠬᠡᠷᠡᠭᠳᠡᠢ ᠭᠡᠵᠦ ᠵᠢᠭᠠᠵᠦ ᠭᠠᠷᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号