11 ᠳ᠋ᠦ᠋ᠭᠡᠷ ᠰᠠᠷ᠎ᠠ ᠶᠢᠨ 20 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2016 | ᠣᠨ ᠠᠴᠠ 2020 ᠣᠨ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠬᠤᠲᠠ ᠪᠠᠯᠭᠠᠰᠤᠨ ᠤ | 127.47 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠵᠦ᠂ ᠲᠥᠯᠥᠪᠵᠢᠭᠦᠯᠭᠡ ᠶᠢᠨ | ᠬᠠᠷᠠᠯᠲᠠ ᠶᠢ 101.98% ᠪᠠᠷ ᠪᠡᠶᠡᠯᠡᠭᠦᠯᠵᠦ᠂ ᠬᠠᠷᠠᠯᠲᠠᠲᠤ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ | | | | | ︽13 · 5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠯᠢ ᠣᠯᠠᠨ ᠠᠷᠭ᠎ᠠ ᠬᠡᠮᠵᠢᠶ᠎ᠡ ᠶᠢ ᠨᠡᠶᠢᠲᠡᠯᠡᠪᠡ᠂ ᠡᠭᠦᠨ ᠳᠤ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠭᠰᠠᠨ ᠦᠷ᠎ᠡ ᠪᠦᠲᠦᠮᠵᠢ ᠲᠣᠪᠤᠶᠢᠮ᠎ᠠ ᠪᠠᠶᠢᠨ᠎ᠠ᠃ 2016 | ᠣᠨ ᠳᠤ ᠥᠪᠡᠷᠲᠡᠭᠡᠨ ᠵᠠᠰᠠᠬᠤ ᠣᠷᠣᠨ ︽ᠦᠢᠯᠡᠰ ᠴᠣᠭᠴᠠᠯᠠᠬᠤ ᠥᠪᠥᠷ ᠮᠣᠩᠭᠤᠯ︾ ᠤᠨ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠦᠢᠯᠡᠰᠴᠢᠳ ᠤᠨ ᠬᠦᠰᠡᠯ ᠵᠡᠭᠦᠳᠦ ᠶᠢ ᠲᠡᠷᠭᠡᠯᠰᠢᠭᠦᠯᠬᠦ᠂ | ᠨᠤᠲᠤᠭ ᠲᠤ ᠪᠠᠨ ᠪᠤᠴᠠᠭᠰᠠᠨ ᠬᠦᠴᠦ ᠶᠠᠪᠤᠭᠴᠢ ᠮᠠᠯᠴᠢᠨ ᠲᠠᠷᠢᠶᠠᠴᠢᠳ ᠦᠢᠯᠡᠰ ᠴᠣᠭᠴᠠᠯᠠᠬᠤ ᠵᠡᠷᠭᠡ ᠵᠢᠷᠭᠤᠭᠠᠨ | ᠵᠦᠢᠯ ᠤᠨ ᠲᠥᠯᠥᠪᠯᠡᠭᠡ ᠶᠢ ᠬᠡᠷᠡᠭᠵᠢᠭᠦᠯᠵᠦ᠂ ᠡᠯ᠎ᠡ ᠲᠥᠷᠥᠯ ᠤᠨ ᠬᠥᠳᠡᠯᠮᠦᠷᠢᠴᠢᠳ ᠤᠨ ᠦᠢᠯᠡᠰ ᠴᠣᠭᠴᠠᠯᠠᠬᠤ ᠳᠤ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠡᠳᠬᠦᠨ ᠳᠡᠮᠵᠢᠪᠡ᠃ 2016 ᠣᠨ ᠠᠴᠠ 2020 | ᠣᠨ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠣᠷᠣᠨ ᠳᠤ 86.48 ᠳ᠋ᠦᠩᠰᠢᠭᠤᠷ ᠲᠥᠭᠦᠷᠢᠭ ᠤᠨ | ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠲᠠᠯᠪᠢᠵᠤ᠂ 18.21 ᠲᠦᠮᠡᠨ ᠬᠥᠮᠦᠨ ᠳᠤ ᠦᠢᠯᠡᠰ | ᠴᠣᠭᠴᠠᠯᠠᠬᠤ ᠪᠣᠯᠪᠠᠰᠤᠷᠠᠭᠤᠯᠤᠯ ᠬᠦᠷᠲᠡᠭᠡᠨ᠂ 11.05 ᠲᠦᠮᠡᠨ ᠬᠥᠮᠦᠨ ᠠᠮᠵᠢᠯᠲᠠ ᠲᠠᠢ ᠪᠠᠷ ᠦᠢᠯᠡᠰ | ᠴᠣᠭᠴᠠᠯᠠᠵᠤ᠂ 36.75 ᠲᠦᠮᠡᠨ ᠬᠥᠮᠦᠨ ᠳᠤ ᠠᠵᠢᠯ ᠣᠯᠭᠤᠬᠤ ᠶᠢ ᠳᠠᠶᠢᠴᠢᠯᠠᠪᠠ᠃ | | | | | ᠪᠦᠬᠦ ᠣᠷᠣᠨ ᠳᠤ ᠦᠢᠯᠡᠰ ᠴᠣᠭᠴᠠᠯᠠᠬᠤ ᠬᠦᠷᠢᠶᠡᠯᠡᠩ ᠪᠠ ᠨᠡᠪᠴᠢᠭᠦᠯᠬᠦ ᠰᠠᠭᠤᠷᠢᠨ ᠭᠠᠵᠠᠷ ᠢ ᠨᠡᠶᠢᠲᠡ | 364 ᠪᠠᠶᠢᠭᠤᠯᠵᠤ᠂ 3.78 ᠲᠦᠮᠡᠨ ᠡᠷᠦᠬᠡ ᠨᠤᠲᠤᠭᠰᠢᠨ ᠰᠠᠭᠤᠷᠢᠰᠢᠵᠤ᠂ 29.2 ᠲᠦᠮᠡᠨ ᠬᠥᠮᠦᠨ ᠳᠤ ᠠᠵᠢᠯ | ᠣᠯᠭᠤᠬᠤ ᠶᠢ ᠳᠠᠶᠢᠴᠢᠯᠠᠪᠠ᠃ ᠪᠥᠬᠦ ᠣᠷᠣᠨ ᠳᠤ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠶᠢᠨ ᠲᠥᠪ 99᠂ | ᠦᠢᠯᠡᠰ ᠴᠣᠭᠴᠠᠯᠠᠬᠤ ᠵᠢᠯᠣᠭᠤᠳᠬᠤ ᠲᠥᠪ 97 ᠪᠠᠶᠢᠭᠤᠯᠵᠤ᠂ ᠦᠢᠯᠡᠰ ᠴᠣᠭᠴᠠᠯᠠᠬᠤ ᠬᠥᠭᠵᠢᠯᠲᠡ ᠶᠢᠨ ᠪᠠᠯᠠ | ᠮᠥᠩᠭᠦ ᠶᠢ 8.6 ᠳ᠋ᠦᠩᠰᠢᠭᠤᠷ ᠲᠥᠭᠦᠷᠢᠭ ᠪᠠᠶᠢᠭᠤᠯᠪᠠ᠃ | | | | | ᠤᠯᠠᠮᠵᠢᠯᠠᠯᠲᠤ ᠠᠵᠢᠯ ᠣᠯᠭᠤᠯᠲᠠ ᠶᠢᠨ ᠦᠢᠯᠡᠴᠢᠯᠡᠭᠡᠨ ᠤ ᠵᠠᠭᠪᠤᠷ ᠠᠴᠠ ᠭᠠᠳᠠᠨ᠎ᠠ᠂ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠥᠬᠦ | ᠣᠷᠣᠨ ᠪᠦᠰᠡ ᠶᠢ ᠬᠠᠮᠤᠷᠤᠭᠰᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠣᠤᠷ ᠢ ᠪᠠᠶᠢᠭᠤᠯᠪᠠ᠃ ᠪᠦᠬᠦ ᠣᠷᠣᠨ ᠤ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠲᠥᠪᠯᠡᠷᠡᠩᠭᠦᠶ ᠮᠠᠶ᠋ᠢᠭ ᠤᠨ ︽ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠠᠵᠢᠯ | ᠣᠯᠭᠤᠯᠲᠠ ᠶᠢᠨ ᠭᠤᠣᠯ ᠲᠤᠬᠠᠶᠢᠯᠠᠭᠰᠠᠨ ᠠᠵᠢᠯ ᠤᠨ ᠬᠤᠪᠢᠶᠠᠷᠢ ᠰᠢᠰᠲ᠋ᠧᠮ︾ ᠨᠢ 12 ᠠᠶᠢᠮᠠᠭ ᠬᠤᠲᠠ᠂ 103 | ᠬᠤᠰᠢᠭᠤ ᠰᠢᠶᠠᠨ ︵ᠬᠤᠲᠠ᠂ ᠲᠣᠭᠤᠷᠢᠭ︶ ᠤ ᠪᠣᠢ ᠪᠦᠬᠦᠢ ᠵᠡᠭᠡᠯᠢ ᠭᠤᠳᠤᠮᠵᠢ ︵ᠰᠢᠶᠠᠩ ᠪᠠᠯᠭᠠᠰᠤ᠂ ᠰᠤᠮᠤ︶᠂ | ᠨᠡᠶᠢᠭᠡᠮ ᠲᠣᠭᠤᠷᠢᠭ ︵ᠭᠠᠴᠠᠭ᠎ᠠ᠂ ᠲᠣᠰᠬᠤᠨ︶ ᠢ ᠬᠠᠮᠤᠷᠪᠠ᠃ 9 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ ᠪᠦᠬᠦ | ᠣᠷᠣᠨ ᠳᠤ ᠡᠯ᠎ᠡ ᠲᠥᠷᠥᠯ ᠤᠨ ᠠᠵᠢᠯᠲᠠᠨ ᠡᠯᠰᠡᠬᠦ ᠴᠤᠭᠯᠠᠭᠠᠨ ᠢ ᠨᠡᠶᠢᠲᠡ 377 ᠤᠳᠠᠭ᠎ᠠ ᠡᠷᠬᠢᠯᠡᠨ᠂ 71.1 | ᠲᠦᠮᠡᠨ ᠠᠵᠢᠯ ᠤᠨ ᠪᠠᠶᠢᠷᠢ ᠬᠠᠩᠭᠠᠵᠤ᠂ 14.4 ᠲᠦᠮᠡᠨ ᠬᠥᠮᠦᠨ ᠤᠳᠠᠭ᠎ᠠ ᠰᠠᠨᠠᠮᠵᠢ ᠲᠣᠭᠲᠠᠪᠠ᠃ | | | | | ᠬᠢᠵᠢᠭ ᠤᠨ ᠪᠠᠶᠢᠳᠠᠯ ᠠᠴᠠ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠠᠵᠢᠯ ᠣᠯᠭᠤᠯᠲᠠ ᠳᠤ | ᠦᠵᠡᠭᠦᠯᠦᠭᠰᠡᠨ ᠨᠦᠯᠦᠭᠡ ᠳᠤ ᠴᠢᠭᠯᠡᠭᠦᠯᠦᠨ᠂ ᠪᠥᠬᠦ ᠣᠷᠣᠨ ᠤ 85.9 ᠲᠦᠮᠡᠨ ᠶᠠᠳᠠᠭᠤ ᠬᠦᠴᠢᠷᠳᠡᠯᠲᠡᠶ ᠬᠥᠮᠦᠨ | ᠠᠮᠠ᠂ 2.9 ᠲᠦᠮᠡᠨ ᠬᠢᠯᠢ ᠬᠢᠵᠠᠭᠠᠷ ᠤᠨ ᠡᠷᠦᠬᠡ ᠪᠠ ᠰᠢᠨ᠎ᠡ ᠪᠠᠷ ᠶᠠᠳᠠᠭᠤᠷᠠᠵᠤ ᠳᠠᠬᠢᠨ ᠶᠠᠳᠠᠭᠤᠷᠠᠭᠰᠠᠨ ᠬᠥᠮᠦᠨ | ᠠᠮᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ 9 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ | ᠣᠷᠣᠨ ᠳᠤ ᠨᠢᠭᠡᠨᠲᠡ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠠᠵᠢᠯ ᠣᠯᠤᠭᠰᠠᠨ ᠶᠠᠳᠠᠭᠤ ᠬᠦᠴᠢᠷᠳᠡᠯᠲᠡᠶ | ᠬᠥᠮᠦᠨ ᠠᠮᠠ 18.61 ᠲᠦᠮᠨ ᠳᠤ ᠬᠦᠷᠴᠦ᠂ ᠬᠠᠷᠠᠯᠲᠠᠲᠤ ᠡᠭᠦᠷᠭᠡ ᠶᠢ 108.1% ᠪᠠᠷ ᠪᠡᠶᠡᠯᠡᠭᠦᠯᠪᠡ᠃ | |