ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/11/24
     2020 ᠣᠨ ᠤ 11 ᠰᠠᠷ᠎ᠠ ᠶᠢᠨ 23᠎ ᠤ ᠡᠳᠦᠷ ᠤᠨ 7 ᠴᠠᠭ ᠠᠴᠠ 11 ᠰᠠᠷ᠎ᠠ ᠶᠢᠨ 24᠎ ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠨᠡᠮᠡᠭᠳᠡᠭᠰᠡᠨ ᠬᠢᠯᠢ ᠶᠢᠨ ᠭᠠᠳᠠᠨ᠎ᠠ ᠠᠴᠠ ᠣᠷᠣᠵᠣ ᠢᠷᠡᠭᠰᠡᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠣᠪᠣᠷᠭ᠎ᠠ ᠨᠢᠰᠬᠡᠯ ᠤᠨ ᠪᠠᠭᠤᠳᠠᠯ ᠳᠤ ᠪᠠᠭᠤᠵᠠᠢ︶ ᠨᠡᠮᠡᠭᠳᠡᠵᠡᠢ᠃      2020 ᠣᠨ ᠤ 11 ᠰᠠᠷ᠎ᠠ ᠶᠢᠨ 24᠎ ᠤ ᠡᠳᠦᠷ ᠤᠨ 7 ᠴᠠᠭ ᠪᠣᠯᠲᠠᠯ᠎ᠠ᠂ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ ᠪᠦᠬᠦᠨ ᠢ ᠮᠠᠨᠵᠤᠤᠷ ᠬᠤᠲᠠ ᠶᠢᠨ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠪᠠ ᠡᠬᠢ ᠡᠭᠦᠰᠦᠯ ᠢ ᠮᠦᠷᠳᠡᠨ ᠡᠷᠢᠬᠦ ᠠᠵᠢᠯ ᠢ ᠥᠷᠭᠦᠯᠵᠢᠯᠡᠨ ᠬᠢᠵᠦ ᠪᠠᠶᠢᠨ᠎ᠠ᠃ ᠣᠳᠣᠬᠠᠨ ᠳᠤ ᠮᠠᠨᠵᠤᠤᠷ ᠬᠤᠲᠠ ᠶᠢᠨ ᠬᠢᠨ ᠶᠠᠭ ᠪᠦᠬᠦ ᠬᠤᠲᠠ ᠶᠢᠨ ᠰᠠᠭᠤᠭᠠᠯᠢ ᠠᠷᠠᠳ ᠤᠨ ᠪᠦᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠪᠠᠶᠢᠨ᠎ᠠ᠃ 24᠎ ᠤ ᠡᠳᠦᠷ ᠤᠨ 7 ᠴᠠᠭ ᠪᠣᠯᠲᠠᠯ᠎ᠠ᠂ ᠮᠠᠨᠵᠤᠤᠷ ᠬᠤᠲᠠ ᠶᠢᠨ ᠬᠢᠨ 164995 ᠬᠦᠮᠦᠨ ᠠᠴᠠ ᠬᠡᠪ ᠠᠪᠴᠤ᠂ 64213 ᠬᠦᠮᠦᠨ ᠳᠤ ᠪᠦᠭᠡᠮ ᠬᠦᠴᠢᠯ ᠤᠨ ᠪᠠᠶᠢᠴᠠᠭᠠᠯᠲᠠ ᠬᠢᠵᠦ ᠳᠠᠭᠤᠰᠬᠠᠵᠠᠢ᠃ 305 ᠨᠢᠭᠲᠠ ᠣᠶᠢᠷᠠᠲᠤᠭᠰᠠᠳ ᠢ ᠢᠯᠡᠷᠡᠭᠦᠯᠵᠦ᠂ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠣᠢ᠃      ᠣᠳᠣᠬᠠᠨ ᠳᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠲᠣᠯᠠᠭᠰᠠᠨ ᠡᠪᠡᠳᠴᠢᠨ ᠤ ᠵᠢᠱᠢᠶ᠎ᠡ 17 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠤᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠢ᠃      2020 ᠣᠨ ᠤ 11 ᠰᠠᠷ᠎ᠠ ᠶᠢᠨ 23᠎ ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠠᠶᠢᠬᠤ ᠦᠭᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号