ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠎ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠧᠯᠸᠢᠰ ᠤᠳᠠᠰᠤ ᠬᠤᠷᠠᠯ ᠬᠤᠷᠠᠯᠳᠤᠭᠤᠯᠵᠠᠢ  ᠵᠠᠩ ᠱᠣᠤ ᠴᠦᠨ ᠡᠸᠤ ᠶᠠᠩ ᠰᠢᠶᠤᠤ ᠬᠤᠶ ᠣᠷᠣᠯᠴᠠᠪᠠ
ᠨᠡᠶᠢᠲᠡᠯᠡᠭᠰᠡᠨ ᠴᠠᠭ᠄
2020/11/25
     11 ᠰᠠᠷ᠎ᠠ ᠶᠢᠨ 22᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠪᠠ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠠᠵᠢᠯ ᠤᠨ ᠪᠠᠶᠢᠳᠠᠯ ᠢ ᠢᠯᠡ ᠵᠠᠷᠯᠠᠵᠥ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠎ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠵᠠᠩ ᠱᠣᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠵᠠᠶ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠳᠠᠶᠢᠪᠤᠰᠢᠷᠠᠬᠤ ᠪᠤᠳᠤᠯ ᠬᠠᠯᠠᠰᠢᠷᠠᠬᠤ ᠰᠡᠳᠬᠢᠯᠬᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠬᠡᠷᠡᠭᠳᠡᠢ᠃ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠯᠵᠢᠭᠦᠯᠤᠨ ᠪᠠᠶᠢᠴᠠᠭᠠᠬᠤ᠂ ᠲᠤᠰᠠᠭᠠᠷᠯᠠᠬᠤ᠂ ᠠᠪᠤᠷᠠᠨ ᠵᠠᠰᠠᠬᠤ᠂ ᠬᠠᠮᠢᠶᠠᠷᠤᠨ ᠡᠵᠡᠮᠳᠡᠬᠦ ᠵᠡᠷᠭᠡ ᠠᠵᠢᠯ ᠢ ᠰᠠᠶᠢᠲᠤᠷ ᠬᠢᠵᠦ᠂ ᠡᠮᠴᠢᠯᠡᠭᠡᠨ ᠡᠪᠡᠳᠴᠢᠨ ᠡᠮᠭᠡᠭ ᠢ ᠰᠡᠷᠬᠡᠶᠢᠯᠡᠬᠦ ᠬᠦᠴᠦᠨ ᠪᠣᠯᠤᠨ ᠴᠢᠬᠤᠯᠠ ᠪᠦᠬᠦᠢ ᠡᠳ᠋ ᠪᠣᠳᠠᠰ ᠤᠨ ᠲᠤᠰᠠᠯᠠᠮᠵᠢ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠳᠡᠢ᠃ ︽ᠬᠥᠮᠦᠨ᠂ ᠪᠣᠳᠠᠰ︾ ᠵᠡᠷᠭᠡ ᠪᠠᠷ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠬᠥᠮᠦᠰ ᠢ ᠬᠢᠨᠠᠨ ᠬᠡᠮᠵᠢᠵᠦ ᠪᠠᠶᠢᠴᠠᠭᠠᠨ ᠬᠡᠮᠵᠢᠬᠦ ᠶᠢ ᠤᠯᠠᠮ ᠨᠢᠬᠡ ᠠᠯᠬᠤᠮ ᠴᠢᠩᠭᠠᠳᠬᠠᠵᠤ᠂ ᠭᠠᠳᠠᠨ᠎ᠡ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠭᠠᠳᠠᠭᠠᠳᠤ ᠠᠴᠠ ᠣᠷᠣᠭᠤᠯᠬᠤ ᠬᠦᠯᠳᠡᠬᠦᠦ ᠪᠠᠷ ᠵᠦᠬᠡᠬᠡᠪᠦᠷᠢᠯᠡᠬᠦ ᠢᠳᠡᠭᠡᠨ ᠪᠠ ᠠᠷᠪᠠᠨ ᠳᠥᠷᠪᠡᠳᠦᠭᠡᠷ ᠬᠤᠭᠤᠴᠠᠭᠠᠨ ᠎ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠣᠭᠤᠷᠢᠭ ᠤᠨ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠬᠡᠵᠥ ᠴᠢᠬᠤᠯᠠᠴᠢᠯᠠᠪᠠ᠃      ᠬᠤᠷᠠᠯ ᠠᠴᠠ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠯᠣᠭᠤᠳᠤᠨ ᠲᠣᠬᠢᠷᠠᠭᠤᠯᠬᠤ ᠠᠵᠢᠯ ᠢᠶᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠤᠯᠪᠠᠰᠤᠷᠠᠭᠤᠯᠤᠯ ᠢᠶᠠᠨ ᠴᠢᠩᠭᠠᠳᠬᠠᠵᠤ᠂ ᠮᠡᠳᠡᠭᠡ ᠵᠠᠩᠭᠢ ᠨᠡᠶᠢᠲᠡᠯᠡᠵᠦ ᠵᠠᠷᠯᠠᠬᠤ ᠶᠢ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠳᠡᠢ ᠬᠡᠵᠥ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号