11 ᠳ᠋ᠦ᠋ᠭᠡᠷ ᠰᠠᠷ᠎ᠠ ᠶᠢᠨ 24 ᠤ ᠡᠳᠦᠷ᠂ ᠪᠥᠬᠦ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ | ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ | ᠳ᠋ᠢᠶᠠᠩᠬᠤᠸᠠ ᠬᠤᠷᠠᠯ ᠬᠥᠬᠡᠬᠤᠲᠠ ᠳᠤ ᠬᠤᠷᠠᠯᠳᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ᠂ ᠪᠥᠬᠦ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ | ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠠᠩ ᠸᠧᠶ ᠳ᠋ᠦᠩ ᠶᠠᠷᠢᠶ᠎ᠠ | ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ᠂ ᠪᠥᠬᠦ ᠣᠷᠣᠨ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ | ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠾᠧ ᠶᠠᠨ | ᠯᠢᠩ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠪᠥᠬᠦ ᠣᠷᠣᠨ ᠤ ᠭᠠᠴᠠᠭ᠎ᠠ | ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠡᠸᠤ ᠶᠠᠩ ᠰᠢᠶᠤᠤ ᠬᠤᠶ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠵᠢᠯ ᠤᠨ ᠴᠢᠬᠤᠯᠠ ᠶᠡᠭᠡ ᠠᠴᠢ | ᠬᠤᠯᠪᠣᠭᠳᠠᠯ ᠢ ᠣᠨᠣᠪᠴᠢᠲᠠᠢ ᠡᠵᠡᠮᠳᠡᠬᠦ ᠬᠡᠷᠡᠭᠲᠡᠢ᠃ ᠡᠨᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠢ ᠰᠠᠶᠢᠲᠤᠷ | ᠬᠢᠬᠦ ᠶᠠᠪᠤᠳᠠᠯ ᠪᠣᠯ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠴᠢᠬᠤᠯᠠ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠶᠢᠨ ᠪᠣᠳᠠᠲᠤ ᠬᠡᠷᠡᠭᠴᠡᠭᠡ ᠮᠥᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ | ᠦᠨᠳᠦᠰᠦᠨ ᠱᠠᠲᠤᠨ ᠤ ᠠᠷᠠᠳᠴᠢᠯᠠᠯ ᠢ ᠪᠠᠳᠠᠷᠠᠭᠤᠯᠵᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠬᠤ ᠪᠣᠳᠠᠲᠠᠶ | ᠦᠢᠯᠡᠳᠦᠯᠭᠡ ᠮᠥᠨ᠂ ᠵᠣᠬᠢᠶᠠᠨ ᠪᠠᠶᠢᠭᠤᠯᠤᠯᠲᠠ ᠶᠢᠨ ᠬᠦᠴᠦᠷᠬᠡᠭ ᠰᠢᠰᠲ᠋ᠧᠮᠵᠢ ᠶᠢ ᠪᠠᠶᠢᠭᠤᠯᠵᠤ᠂ ᠦᠨᠳᠦᠰᠦᠨ | ᠱᠠᠲᠤᠨ ᠤ ᠵᠠᠰᠠᠯᠲᠠ ᠶᠢᠨ ᠴᠢᠳᠠᠪᠤᠷᠢ ᠶᠢ ᠨᠡᠮᠡᠭᠳᠡᠭᠦᠯᠬᠦ ᠶᠢᠨ ᠴᠢᠬᠤᠯᠠ ᠪᠠᠲᠤᠯᠠᠭ᠎ᠠ ᠮᠦᠨ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠦᠨᠳᠦᠰᠦᠨ ᠱᠠᠳᠤ ᠲᠡᠰᠢ ᠤᠷᠲᠤᠳᠬᠠᠵᠦ᠂ ᠦᠨᠳᠦᠰᠦᠨ ᠱᠠᠲᠤᠨ ᠤ ᠤᠯᠤᠰ ᠲᠦᠷᠦ ᠶᠢᠨ | ᠠᠮᠢ ᠠᠬᠤᠢ ᠶᠢ ᠴᠡᠪᠡᠷᠰᠢᠭᠦᠯᠬᠦ ᠶᠢ ᠠᠬᠢᠭᠤᠯᠬᠤ ᠠᠰᠢᠭᠲᠠᠢ ᠠᠵᠠ ᠲᠣᠬᠢᠶᠠᠯ ᠮᠥᠨ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ | ᠬᠢᠷᠢ ᠬᠡᠮ ᠤᠨ ᠪᠠᠷᠢᠮᠵᠢᠶ᠎ᠠ ᠶᠢ ᠴᠢᠩᠭ᠎ᠠ ᠠᠳᠬᠤᠨ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ | ᠵᠥᠪᠯᠡᠯ︾ ᠤᠨ ᠤᠳᠤᠷᠢᠳᠬᠤ ᠪᠠᠭ ᠢ ᠰᠢᠯᠢᠳᠡᠭ ᠢ ᠨᠢ ᠰᠣᠩᠭᠤᠨ ᠳᠣᠭᠢᠷᠠᠭᠤᠯᠬᠤ ᠬᠡᠷᠡᠭᠲᠡᠶ᠃ ᠬᠤᠯᠪᠣᠭᠳᠠᠯ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠠᠵᠢᠯ ᠤᠨ | ᠭᠤᠤᠯᠳᠠᠯᠭ᠎ᠠ ᠲᠠᠢ ᠡᠭᠦᠷᠭᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠣᠨᠣᠪᠴᠢᠲᠠᠶ ᠡᠵᠡᠮᠳᠡᠵᠦ᠂ ᠭᠠᠴᠠᠭ᠎ᠠ ᠲᠤᠰᠬᠤᠨ᠂ | ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠡᠷᠡᠭᠦᠯ ᠪᠥᠭᠡᠳ ᠡᠮᠬᠢ | ᠵᠢᠷᠤᠮ ᠲᠠᠢ ᠶᠠᠪᠤᠭᠳᠠᠬᠤ ᠶᠢ ᠬᠦᠴᠦᠯᠡᠨ ᠠᠬᠢᠭᠤᠯᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠂ ᠭᠠᠴᠠᠭ᠎ᠠ | ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠲᠡᠭᠦᠰ | ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ | ᠡᠨᠡ ᠵᠢᠯ ᠤᠨ 11 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠪᠥᠬᠦ ᠣᠷᠣᠨ ᠤ 1. | 1 ᠲᠦᠮᠡ ᠭᠠᠷᠤᠶ ᠭᠠᠴᠠᠭ᠎ᠠ ᠲᠣᠰᠬᠤᠨ ᠪᠣᠯᠤᠨ 2500 ᠭᠠᠷᠤᠶ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ | ᠬᠤᠭᠤᠴᠠᠭ᠎ᠠ ᠰᠣᠯᠢᠬᠤ ᠪᠣᠯᠣᠨ᠎ᠠ᠃ ᠡᠨᠡ ᠪᠣᠯ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ | ᠨᠢ ᠬᠤᠲᠠ ᠰᠢᠶᠠᠨ ᠰᠢᠶᠠᠩ ᠤᠨ ᠬᠤᠭᠤᠴᠠᠭ᠎ᠠ ᠰᠣᠯᠢᠬᠤ ᠲᠠᠢ ᠵᠡᠷᠭᠡᠪᠡᠷ ᠶᠠᠪᠤᠭᠳᠠᠭᠰᠠᠨ ᠠᠩᠬ᠎ᠠ ᠤᠳᠠᠭᠠᠨ ᠤ | ᠬᠤᠭᠤᠴᠠᠭ᠎ᠠ ᠰᠣᠯᠢᠬᠤ ᠠᠵᠢᠯ ᠪᠣᠯᠤᠨ᠎ᠠ᠂ ᠲᠡᠷᠡᠴᠢᠯᠡᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ | ᠵᠥᠪᠯᠡᠯ︾ ᠤᠨ ᠲᠤᠰᠢᠶᠠᠯ ᠤᠨ ᠬᠤᠭᠤᠴᠠᠭ᠎ᠠ ᠶᠢ 3 ᠵᠢᠯ ᠪᠠᠶᠢᠭᠰᠠᠨ ᠠᠴᠠ ᠨᠢ 5 ᠵᠢᠯ ᠪᠣᠯᠭᠠᠨ ᠥᠭᠡᠷᠡᠴᠢᠯᠡᠪᠡ᠃ | |