︽ᠲᠠᠨ ᠤ ᠵᠠᠬᠢᠶᠠᠯᠠᠭᠰᠠᠨ ᠴᠠᠭᠠᠨ ᠭᠤᠯᠢᠷ᠂ ᠶᠤᠤᠮᠠᠢ ᠶᠢᠨ ᠭᠤᠯᠢᠷ ᠢ ᠳᠠᠷᠠᠭ᠎ᠠ ᠭᠠᠷᠠᠭ ᠬᠦᠷᠭᠡᠵᠦ ᠪᠣᠯᠤᠨ᠎ᠠ︾ | | ︽ᠮᠠᠨ ᠤ ᠲᠣᠰᠬᠤᠨ ᠤ ᠲᠠᠷᠢᠶᠠᠴᠢᠨ ᠠᠶᠢᠯ ᠤᠨ ᠲᠡᠵᠢᠭᠡᠭᠰᠡᠨ ᠲᠠᠬᠢᠶ᠎ᠠ ᠡᠪᠦᠯ ᠤᠨ ᠤᠯᠠᠷᠢᠯ ᠳᠤ ᠰᠢᠮ᠎ᠡ | ᠲᠡᠵᠢᠭᠡᠯ ᠨᠥᠬᠦᠪᠦᠷᠢᠯᠡᠬᠦ ᠳᠤ ᠣᠨᠴᠠ ᠲᠤᠬᠢᠷᠠᠨ᠎ᠠ᠂ ᠲᠠᠬᠢᠶᠠᠨ ᠥᠨᠳᠡᠭᠡ ᠴᠦ ᠰᠢᠮ᠎ᠡ ᠲᠡᠵᠢᠭᠡᠯ ᠲᠠᠢ ᠶᠤᠮ︾ | ︽ᠲᠥᠮᠥᠰᠥ ᠬᠤᠳᠠᠯᠳᠤᠨ ᠠᠪᠤᠪᠠᠯ ᠸᠢᠴᠠᠲ ᠢᠶᠠᠷ ᠵᠠᠬᠢᠶᠠᠯᠠᠭ᠎ᠠ ᠬᠢᠵᠦ ᠪᠣᠯᠤᠨ᠎ᠠ︾ | ᠁ | | | ᠠᠭᠠᠷ ᠠᠴᠠ ᠰᠡᠭᠦᠳᠡᠷᠯᠡᠭᠰᠡᠨ ᠬᠤᠤ ᠺᠸᠦ ᠲᠣᠰᠬᠤᠨ᠃ | ᠡᠪᠦᠯ ᠠᠴᠠ ᠨᠠᠭᠠᠰᠢ᠂ ᠬᠡᠳᠦ᠋ᠢᠪᠡᠷ ᠬᠦᠢᠲᠡᠨ ᠪᠠᠶᠢᠭᠰᠠᠨ ᠴᠤ ᠪᠤᠭᠤᠲᠤ ᠬᠤᠲᠠ ᠶᠢᠨ ᠭᠦᠶᠡᠩ ᠰᠢᠶᠠᠨ ᠤ | ᠬᠤᠸᠠᠶᠢᠱᠦᠸᠧ ᠪᠠᠯᠭᠠᠰᠤᠨ ᠤ ᠬᠤᠤ ᠺᠧᠦ ᠲᠣᠰᠬᠤᠨ ᠬᠠᠷᠢᠨ ᠬᠥᠷ ᠬᠥᠭᠵᠢᠶᠡᠨ ᠢᠶᠠᠷ ᠪᠢᠯᠬᠠᠵᠤ᠂ ︽ᠨᠢᠭᠡᠳᠦᠭᠡᠷ | ᠱᠦᠵᠢ︾ ᠢᠦᠶ ᠱᠤ᠋ ᠵᠢᠶᠧ ᠶᠢᠨ ᠳᠠᠭᠠᠭᠤᠯᠭ᠎ᠠ ᠪᠠᠷ ᠲᠣᠰᠬᠤᠨ ᠤ ᠠᠷᠠᠳ ᠶᠠᠭ ᠲᠣᠰᠬᠤᠨ ᠤ ᠥᠪᠡᠰᠦᠪᠡᠨ | ᠦᠢᠯᠡᠳᠪᠦᠷᠢᠯᠡᠭᠰᠡᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠪᠣᠷᠣᠯᠠᠭᠤᠯᠬᠤ ᠪᠠᠷ | ᠶᠠᠭᠠᠷᠠᠯᠳᠤᠵᠤ ᠪᠠᠶᠢᠨ᠎ᠠ᠃ | | | | ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ᠃ | ᠬᠤᠤ ᠺᠸᠦ ᠲᠣᠰᠬᠤᠨ ᠤᠤᠯ ᠨᠢ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ ᠲᠣᠰᠬᠤᠨ ᠪᠠᠶᠢᠵᠠᠶ᠂ | ᠨᠡᠶᠢᠲᠡ 640 ᠡᠷᠦᠬᠡ᠂ 2290 ᠬᠥᠮᠦᠨ ᠲᠠᠢ᠃ ᠠᠳᠡ ᠨᠡᠶᠢᠳᠡᠮ ᠭᠠᠩ ᠬᠠᠭᠤᠷᠠᠶ ᠪᠠᠶᠢᠵᠤ᠂ ᠲᠩᠷᠢ ᠶᠢᠨ | ᠴᠢᠷᠠᠶ ᠶᠢ ᠬᠠᠷᠠᠵᠤ ᠠᠵᠤ ᠲᠦᠷᠦᠳᠡᠭ᠃ 2014 ᠣᠨ ᠤ 4 ᠳ᠋ᠦ᠋ᠭᠡᠷ ᠰᠠᠷ᠎ᠠ ᠳᠤ᠂ ᠢᠦᠶ ᠱᠤ᠋ ᠵᠢᠶᠧ ᠳᠤᠮᠳᠠᠳᠤ | ᠤᠯᠤᠰ ᠤᠨ ᠬᠤᠶᠠᠳᠣᠭᠠᠷ ᠲᠡᠮᠦᠷᠯᠢᠭ ᠪᠣᠯᠪᠠᠰᠤᠷᠠᠭᠤᠯᠬᠤ ᠪᠦᠯᠦᠭᠯᠡᠯ ᠤᠨ ᠲᠣᠮᠢᠯᠠᠯᠲᠠ ᠪᠠᠷ ᠬᠤᠤ ᠺᠸᠤ | ᠲᠣᠰᠬᠤᠨ ᠳᠤ ᠬᠦᠷᠴᠦ ᠲᠣᠰᠬᠤᠨ ᠳᠤ ᠰᠠᠭᠤᠬᠤ ︽ᠨᠢᠭᠡᠳᠦᠭᠡᠷ ᠱᠦᠵᠢ︾ ᠶᠢᠨ ᠲᠤᠰᠢᠶᠠᠯ ᠢ ᠬᠠᠷᠢᠭᠤᠴᠠᠪᠠ᠃ | ᠲᠠᠪᠢ ᠬᠦᠷᠪᠡᠯ ᠲᠩᠷᠢ ᠶᠢᠨ ᠵᠠᠶᠠᠭ᠎ᠠ ᠶᠢ ᠮᠡᠳᠡᠨ᠎ᠡ ᠭᠡᠳᠡᠭ ᠢᠶᠠᠷ ᠲᠡᠷᠡ ᠵᠢᠯ᠂ ᠴᠡᠷᠢᠭ ᠲᠤ ᠶᠠᠪᠤᠵᠤ ᠥᠩᠭᠡᠷᠡᠭᠰᠡᠨ | ᠢᠦᠶ ᠱᠣ᠋ ᠵᠢᠶᠧ ᠡᠭᠦᠷᠭᠡ ᠬᠠᠷᠢᠭᠤᠴᠠᠯᠭ᠎ᠠ ᠳᠠᠭᠠᠭᠠᠨ ᠠᠪᠴᠤ᠂ ᠬᠦᠴᠢᠷ ᠪᠡᠷᠬᠡ ᠶᠢ ᠳᠠᠭᠠᠭᠠᠵᠤ ᠳᠡᠶᠢᠯᠬᠦ᠂ | ᠢᠯᠠᠭᠳᠠᠯ ᠳᠤ ᠡᠪᠦᠳᠦᠭ ᠥᠯᠥ ᠨᠤᠭᠤᠷᠠᠬᠤ ᠡᠷᠴᠢ ᠵᠣᠷᠢᠭ ᠢᠶᠠᠷ ᠶᠠᠳᠠᠭᠤ ᠠᠴᠠ ᠠᠩᠭᠢᠵᠢᠷᠠᠭᠤᠯᠬᠤ ᠥᠬᠡᠶ ᠪᠣᠯ | ᠬᠡᠷ ᠲᠤ ᠪᠠᠨ ᠬᠠᠷᠢᠬᠤ ᠥᠬᠡᠶ ᠬᠡᠮᠡᠨ ᠵᠣᠷᠢᠭ ᠢᠶᠠᠨ ᠢᠯᠡᠳᠬᠡᠪᠡ︕ | | | | ᠲᠥᠮᠥᠰᠥ ᠨᠢ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ︽ᠠᠯᠲᠠᠨ ᠦᠨᠳᠡᠭᠡ︾ ᠪᠣᠯᠵᠠᠶ᠃ | 2000 ᠭᠠᠷᠤᠢ ᠡᠳᠦᠷ ᠰᠥᠨᠢ᠂ ᠢᠦᠶ ᠱᠣ᠋ ᠵᠢᠶᠧ ᠠᠷᠠᠳ ᠤᠨ ᠠᠮᠢᠳᠤᠷᠠᠯ ᠤᠨ ᠲᠣᠬᠠᠢ ᠵᠣᠪ ᠵᠤᠵᠠᠭᠠᠨ | ᠲᠡᠮᠳᠡᠭᠯᠡᠯ ᠬᠢᠵᠡᠢ᠄ ᠪᠡᠯᠡ ᠮᠥᠩᠭᠦ ᠡᠪᠯᠡᠭᠦᠯᠦᠨ ᠣᠯᠵᠤ 4000 ᠮᠦ ᠲᠤᠰᠤᠯᠭᠠᠨ ᠤᠰᠤᠯᠠᠬᠤ ᠲᠠᠷᠢᠮᠠᠯ ᠶᠢ | ᠰᠡᠷᠭᠦᠭᠡᠨ᠎ᠡ᠂ 400 ᠮᠦ ᠲᠥᠮᠥᠰᠥ ᠶᠢᠨ ᠲᠠᠷᠢᠮᠠᠯ ᠢ ᠳᠡᠯᠭᠡᠷᠡᠭᠦᠯᠦᠨ᠎ᠡ᠂ ᠲᠤᠮᠤ ᠤᠯᠠᠭᠠᠨ ᠡᠷᠡᠭᠴᠢᠨ ᠳᠠᠬᠢᠶ᠎ᠠ | ᠲᠡᠵᠢᠭᠡᠨ ᠦᠷᠡᠵᠢᠭᠦᠯᠦᠨ᠎ᠡ ᠭᠡᠵᠦ ᠲᠡᠮᠳᠡᠭᠯᠡᠭᠰᠡᠨ ᠪᠠᠶᠢᠯ᠎ᠠ ᠁ | | | | ᠢᠦᠶ ᠱᠣ᠋ ᠵᠢᠶᠧ ︵ᠪᠠᠷᠠᠭᠤᠨᠳᠠᠬᠢ︶ ᠶᠢᠨ ᠲᠠᠭᠠᠭᠤᠯᠭ᠎ᠠ ᠳᠣᠤᠷ᠎ᠠ᠂ ᠲᠣᠰᠬᠤᠨ ᠳᠤ ᠲᠠᠬᠢᠶ᠎ᠠ ᠲᠡᠵᠢᠭᠡᠬᠦ | ᠲᠠᠯᠠᠪᠠᠶ ᠪᠠᠶᠢᠭᠤᠯᠪᠠ᠃ | | | | ᠰᠤᠯᠠ ᠲᠡᠵᠢᠭᠡᠵᠦ ᠪᠠᠶᠢᠭ᠎ᠠ ᠲᠠᠬᠢᠶ᠎ᠠ᠃ | ᠬᠤᠷᠢᠶᠠᠯᠲᠠ ᠶᠢ ᠣᠷᠣᠯᠭ᠎ᠠ ᠪᠣᠯᠭᠠᠨ ᠬᠤᠪᠢᠷᠠᠭᠤᠯᠵᠠᠢ᠂ ᠲᠣᠰᠬᠤᠨ ᠤ ᠬᠠᠮᠲᠤ ᠶᠢᠨ ᠠᠵᠤ ᠠᠬᠤᠶ ᠶᠢ ᠶᠡᠬᠡᠪᠡᠷ | ᠬᠥᠭᠵᠢᠭᠦᠯᠬᠦ ᠶᠢᠨ ᠬᠠᠮᠲᠤ ᠢᠦᠶ ᠱᠣ᠋ ᠵᠢᠶᠧ ᠪᠠᠰᠠ ︽ᠪᠣᠷᠣᠯᠠᠭᠤᠯᠤᠭᠴᠢ︾ ᠪᠣᠯᠵᠤ᠂ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨ᠎ᠠ ᠬᠦᠴᠦ ᠪᠠᠨ ᠬᠠᠮᠲᠤᠳᠬᠠᠵᠤ᠂ ᠲᠥᠮᠥᠰᠥ᠂ ᠴᠠᠭᠠᠨ ᠭᠤᠯᠢᠷ᠂ ᠶᠤᠤᠮᠠᠢ ᠶᠢᠨ ᠭᠤᠯᠢᠷ᠂ | ᠲᠠᠷᠢᠶᠠᠴᠢᠨ ᠡᠷᠦᠬᠡ ᠶᠢᠨ ᠲᠠᠬᠢᠶ᠎ᠠ᠂ ᠨᠤᠲᠤᠭ ᠤᠨ ᠲᠠᠬᠢᠶᠠᠨ ᠥᠨᠳᠡᠭᠡ ᠪᠣᠷᠣᠯᠠᠭᠤᠯᠤᠭᠠᠳ ᠁ ᠬᠤᠤ ᠺᠸᠦ | ᠲᠣᠰᠬᠤᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠬᠤᠯᠠ ᠦᠢᠷ᠎ᠠ ᠳᠤ ᠠᠯᠳᠠᠷᠰᠢᠨ | ᠣᠯᠠᠨ ᠤ ᠲᠠᠭᠠᠰᠢᠶᠠᠯ ᠢ ᠣᠯᠪᠠ᠃ ᠪᠥᠬᠦ ᠲᠣᠰᠬᠤᠨ ᠤ ᠴᠢᠷᠮᠠᠶᠢᠯᠭ᠎ᠠ ᠪᠠᠷ 2018 ᠣᠨ ᠤ ᠡᠴᠦᠰ ᠲᠤ ᠬᠤᠤ ᠺᠸᠦ | ᠲᠣᠰᠬᠤᠨ ᠲᠣᠭᠲᠠᠭᠰᠠᠨ ᠬᠤᠭᠤᠴᠠᠭᠠᠨ ᠳᠤ ᠪᠠᠨ ᠶᠠᠳᠠᠭᠤ ᠠᠴᠠ ᠠᠩᠭᠢᠵᠢᠷᠠᠪᠠ᠃ | | | | ᠲᠣᠰᠬᠤᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠬᠤᠲᠠ ᠶᠢᠨ ᠰᠠᠭᠤᠭᠠᠯᠢ | ᠠᠷᠠᠳ ᠤᠨ ᠬᠦᠷᠢᠶᠡᠯᠡᠯ ᠢ ᠣᠯᠵᠠᠢ᠃ | ᠡᠳᠦᠭᠡ ᠬᠤᠤ ᠺᠸᠦ ᠲᠣᠰᠬᠤᠨ ᠢᠶᠠᠷ ᠶᠠᠪᠤᠬᠤ ᠳᠤ ᠵᠣᠯ ᠵᠢᠷᠭᠠᠯ ᠢᠶᠠᠷ ᠪᠢᠯᠬᠠᠭᠰᠠᠨ ᠢᠨᠢᠶᠡᠮᠰᠦᠭᠯᠡᠯ ᠤᠨ | ᠴᠢᠷᠠᠢ ᠨᠤᠭᠤᠳ ᠢ ᠣᠯᠵᠤ ᠬᠠᠷᠠᠳᠠᠭ ᠪᠣᠯᠵᠠᠢ᠃ ᠭᠤᠤ ᠭᠦᠸᠧ ᠵᠧᠨ᠂ ᠯᠠᠶ ᠴᠠᠩ ᠹᠧᠩ ᠤᠤᠯ ᠨᠢ ᠶᠠᠳᠠᠭᠤ | ᠬᠦᠴᠢᠷᠳᠡᠯᠲᠡᠶ ᠡᠷᠦᠬᠡ ᠪᠠᠶᠢᠯ᠎ᠠ᠂ ᠲᠣᠰᠬᠤᠨ ᠤ ᠬᠤᠪᠢᠷᠠᠯᠲᠠ ᠶᠢ ᠠᠰᠠᠭᠤᠬᠤ ᠳᠤ ᠡᠷ᠎ᠡ ᠡᠮ᠎ᠡ ᠬᠤᠶᠠᠭᠤᠯᠠ ᠦᠭᠡᠨ ᠤ | ᠤᠭᠤᠲᠠ ᠪᠠᠨ ᠨᠡᠭᠡᠭᠡᠯ᠎ᠡ᠄ ︽ᠤᠤᠯ ᠨᠢ ᠲᠣᠰᠬᠤᠨ ᠲᠤ ᠪᠦᠷ ᠰᠢᠷᠣᠶ ᠶᠢᠨ ᠵᠠᠮ᠂ ᠣᠷᠴᠢᠨ ᠲᠣᠭᠤᠷᠢᠨ ᠡᠮᠬᠢ | ᠵᠠᠮᠪᠠᠷᠠᠭ᠎ᠠ ᠦᠭᠡᠢ ᠮᠥᠷᠲᠡᠭᠡᠨ ᠪᠤᠵᠠᠷ ᠪᠠᠶᠢᠯ᠎ᠠ᠂ ᠣᠳᠣ ᠬᠠᠷᠢᠨ ᠮᠥᠷ ᠮᠥᠷ ᠲᠣᠭᠤᠰᠬᠠᠨ ᠪᠠᠶᠢᠰᠢᠩ ᠵᠢᠭᠳᠡᠷᠡᠨ᠂ | ᠵᠣᠷᠪᠤᠰ ᠵᠣᠷᠪᠣᠰ ᠵᠠᠮ ᠠᠶᠢᠯ ᠪᠣᠯᠭᠠᠨ ᠢᠶᠠᠷ ᠨᠡᠪᠲᠡᠷᠡᠵᠦ᠂ ᠪᠠᠰᠠ ᠬᠡᠲᠦ ᠳᠡᠯᠭᠡᠭᠦᠷ᠂ ᠡᠷᠡᠭᠦᠯ ᠬᠠᠮᠠᠭᠠᠯᠠᠯ ᠤᠨ | ᠲᠠᠰᠤᠭ᠂ ᠨᠣᠮ ᠤᠨ ᠥᠷᠥᠭᠡ ᠲᠠᠢ ᠪᠣᠯᠵᠤ᠂ ᠦᠨᠡᠬᠡᠷ ᠵᠣᠯ ᠵᠢᠷᠭᠠᠯ ᠲᠠᠢ ᠪᠠᠶᠢᠨ᠎ᠠ︾ ᠭᠡᠪᠡ᠃ | |