ᠲᠠᠯ᠎ᠠ ᠨᠤᠲᠤᠭ ᠤᠨ ᠲᠦᠷᠭᠡᠨ ᠢᠯᠡᠭᠡᠯᠲᠡ ᠶᠢᠨ ᠪᠠᠷᠠᠭ᠎ᠠ ᠠᠩᠬ᠎ᠠ ᠤᠳᠠᠭ᠎ᠠ ᠳᠡᠭᠡᠳᠦ ᠬᠤᠷᠳᠤ ᠶᠢᠨ ᠲᠡᠮᠦᠷ ᠵᠠᠮ ᠤᠨ ᠴᠤᠪᠤᠭ᠎ᠠ ᠲᠡᠷᠭᠡ ᠪᠠᠷ ᠪᠡᠭᠡᠵᠢᠩ ᠳᠤ ᠣᠷᠣᠪᠠ
ᠨᠡᠶᠢᠲᠡᠯᠡᠭᠰᠡᠨ ᠴᠠᠭ᠄
2020/11/3
     11 ᠳ᠋ᠦ᠋ᠭᠡᠷ ᠰᠠᠷ᠎ᠠ ᠶᠢᠨ 1᠎ ᠤ ᠡᠳᠦᠷ᠂ ᠲᠡᠮᠦᠷ ᠵᠠᠮ ᠤᠨ ᠠᠵᠢᠯᠲᠠᠳ ᠶᠠᠭ ᠪᠠᠷᠠᠭ᠎ᠠ ᠵᠥᠭᠡᠭᠡᠪᠦᠷᠢᠯᠡᠵᠦ ᠪᠠᠶᠢᠨ᠎ᠠ᠃ ᠲᠤᠰ ᠡᠳᠦᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ︽ᠬᠤᠤᠰ 11︾᠎ ᠶᠢᠨ ᠡᠯᠧᠺᠲᠷᠣᠨ  ᠬᠤᠳᠠᠯᠳᠤᠭᠠᠨ ᠤ ᠰᠢᠵᠢᠷ ᠠᠯᠲᠠᠨ ᠭᠠᠷᠠᠭ ᠤᠨ ᠲᠡᠭᠡᠭᠡᠪᠦᠷᠢ ᠶᠢᠨ ᠦᠢᠯᠡᠴᠢᠯᠡᠭᠡ ᠶᠢ ᠡᠬᠢᠯᠡᠭᠦᠯᠵᠦ᠂ 120 ᠡᠭᠡᠯᠵᠢ ᠶᠢᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠪᠠ 240 ᠡᠭᠡᠯᠵᠢ ᠶᠢᠨ ᠡᠩ ᠤᠨ ᠬᠤᠷᠳᠤᠴᠠᠲᠤ ᠴᠤᠪᠤᠭ᠎ᠠ ᠲᠡᠷᠭᠡᠨ ᠳᠡᠭᠡᠷ᠎ᠡ ᠡᠯᠧᠺᠲᠷᠣᠨ ᠬᠤᠳᠠᠯᠳᠤᠭᠠᠨ ᠤ ᠲᠦᠷᠭᠡᠨ ᠢᠯᠡᠭᠡᠯᠲᠡ ᠶᠢ ᠢᠯᠡᠭᠡᠪᠡ᠃ ᠣᠶᠢᠯᠠᠭᠠᠭᠰᠠᠨ ᠢᠶᠠᠷ᠂ ᠲᠤᠰ ᠦᠢᠯᠡᠴᠢᠯᠡᠭᠡ ᠨᠢ 11 ᠳ᠋ᠦ᠋ᠭᠡᠷ ᠰᠠᠷ᠎ᠠ ᠶᠢᠨ 20᠎ ᠤ ᠡᠳᠦᠷ ᠪᠣᠯᠲᠠᠯ᠎ᠠ ᠦᠷᠭᠦᠯᠵᠢᠯᠡᠵᠦ᠂ ᠡᠨᠡ ᠬᠤᠭᠤᠴᠠᠭᠠᠨ ᠳᠤ ᠡᠳᠦᠷ ᠪᠦᠷᠢ ᠳᠤᠮᠳᠠᠴᠢ ᠪᠠᠷ 3.5 ᠲᠣᠨ ᠪᠠᠷᠠᠭ᠎ᠠ ᠬᠦᠷᠭᠡᠵᠦ᠂ ︽ᠬᠤᠤᠰ 11︾᠎ ᠶᠢᠨ ᠪᠠᠷᠠᠭᠠᠨ ᠤ ᠭᠦᠢᠯᠭᠡᠭᠡ ᠶᠢᠨ ᠲᠡᠭᠡᠭᠡᠪᠦᠷᠢ ᠶᠢᠨ ᠬᠦᠴᠦᠨ ᠪᠠᠴᠢᠮ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ ᠪᠣᠯᠤᠨ᠎ᠠ᠃ ᠡᠭᠦᠨ ᠤ ᠬᠠᠮᠲᠤ᠂ ᠬᠦᠬᠡᠬᠤᠲᠠ ᠠᠴᠠ ᠪᠡᠭᠡᠵᠢᠩ᠂ ᠱᠠᠨ ᠰᠢ ᠬᠥᠷᠬᠦ ᠳᠡᠭᠡᠳᠦ ᠬᠤᠷᠳᠣ ᠶᠢᠨ ᠲᠡᠮᠦᠷ ᠵᠠᠮ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠠᠩᠬ᠎ᠠ ᠤᠳᠠᠭ᠎ᠠ ᠨᠡᠪᠲᠡᠷᠡᠭᠦᠯᠵᠦ᠂ ᠵᠠᠮ ᠳᠠᠭᠠᠤ ᠶᠢᠨ ᠪᠡᠭᠡᠵᠢᠩ᠂ ᠴᠢᠭᠤᠯᠤᠯᠲᠤ ᠬᠠᠭᠠᠯᠭ᠎ᠠ᠂ ᠳ᠋ᠠᠲ᠋ᠦ᠋ᠩ᠂ ᠲᠠᠶᠢᠶᠤᠸᠠᠨ ᠵᠡᠷᠭᠡ ᠭᠠᠵᠠᠷ ᠤᠨ ᠬᠡᠷᠡᠭᠯᠡᠭᠴᠢᠳ ᠲᠤ ᠲᠥᠬᠦᠮ ᠦᠵᠡᠭᠦᠯᠬᠦ ᠪᠣᠯᠣᠨ᠎ᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号