| | 10 ᠳ᠋ᠦ᠋ᠭᠡᠷ ᠰᠠᠷ᠎ᠠ ᠶᠢᠨ 30 ᠤ ᠡᠳᠦᠷ᠂ ᠠᠵᠢᠯᠲᠠᠳ ᠶᠠᠭ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ | ᠪᠠᠶᠢᠴᠠᠭᠠᠨ ᠦᠵᠡᠵᠦ ᠪᠠᠶᠢᠨ᠎ᠠ᠃ ᠲᠣᠰ ᠡᠳᠦᠷ᠂ ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠭᠠᠷᠭᠠᠬᠤ | ᠬᠢᠩᠭᠠᠨ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠶᠢᠨ ᠴᠠᠬᠢᠯᠭᠠᠨ ᠢᠯᠴᠢ ᠬᠤᠷᠠᠮᠳᠤᠭᠤᠯᠭ᠎ᠠ ᠶᠢᠨ ᠣᠷᠭᠢᠯ ᠢ | ᠳᠣᠭᠢᠷᠠᠭᠤᠯᠬᠤ ᠲᠥᠷᠥᠯ ᠵᠦᠢᠯ ᠠᠰᠢᠭᠯᠠᠯᠲᠠ ᠳᠤ ᠣᠷᠣᠪᠠ᠃ ᠣᠶᠢᠯᠠᠭᠠᠭᠰᠠᠨ ᠢᠶᠠᠷ᠂ ᠴᠠᠬᠢᠯᠭᠠᠨ ᠲᠣᠣᠷ ᠨᠢ ᠰᠠᠯᠬᠢ᠂ | ᠭᠡᠷᠡᠯ ᠵᠡᠷᠭᠡ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠳᠠᠭᠠᠭᠠᠴᠠ ᠶᠢ ᠰᠢᠩᠭᠡᠭᠡᠵᠦ ᠳᠡᠶᠢᠯᠬᠦ ᠤᠢᠭᠡᠢ ᠦᠶ᠎ᠡ ᠳᠤ᠂ | ᠴᠠᠬᠢᠯᠭᠠᠨ ᠢᠯᠴᠢ ᠬᠤᠷᠠᠮᠳᠤᠭᠤᠯᠭ᠎ᠠ ᠶᠢᠨ ᠤᠷᠬᠢᠯ ᠢ ᠲᠤᠬᠢᠷᠡᠭᠤᠯᠬᠤ ᠨᠢ ᠴᠠᠬᠢᠯᠭᠠᠨ ᠡᠨᠧᠷᠭᠢ ᠶᠢ ᠢᠯᠴᠢ ᠶᠢᠨ | ᠡᠨᠧᠷᠭᠢ ᠪᠣᠯᠭᠠᠨ ᠤᠯᠠᠷᠢᠭᠤᠯᠵᠤ ᠭᠠᠳᠠᠭᠰᠢ ᠢᠯᠴᠢ ᠬᠠᠩᠭᠠᠳᠠᠭ ᠪᠦᠭᠡᠳ ᠮᠠᠰᠢᠨ ᠴᠣᠭᠴᠠᠯᠠᠪᠤᠷᠢ ᠶᠢᠨ | ᠰᠦᠯᠵᠢᠶᠡᠨ ᠳᠤ ᠭᠠᠷᠬᠤ ᠴᠢᠳᠠᠮᠵᠢ ᠶᠢ ᠲᠤᠯᠭᠠᠨ ᠬᠠᠰᠤᠵᠤ᠂ ᠮᠠᠰᠢᠨ ᠴᠣᠭᠴᠠᠯᠠᠪᠤᠷᠢ ᠶᠢᠨ ᠭᠠᠷᠭᠠᠬᠤ ᠬᠦᠴᠦᠨ ᠢ | ᠪᠠᠭᠤᠷᠠᠭᠤᠯᠬᠤ ᠦᠭᠡᠶ ᠪᠠᠶᠢᠳᠠᠯ ᠤᠨ ᠳᠣᠤᠷ᠎ᠠ ᠴᠠᠬᠢᠯᠭᠠᠨ ᠤ ᠲᠣᠤᠷ ᠤᠨ ᠣᠷᠭᠢᠯ ᠢ ᠭᠦᠨᠵᠡᠭᠡᠢ ᠲᠣᠬᠢᠷᠠᠭᠤᠯᠬᠤ ᠶᠢ | ᠪᠡᠶᠡᠯᠡᠭᠦᠯᠵᠦ᠂ ︽ᠣᠷᠭᠢᠯ ᠢ ᠰᠢᠯᠵᠢᠭᠦᠯᠦᠨ ᠬᠥᠨᠳᠡᠶ ᠶᠢ ᠪᠥᠭᠯᠡᠬᠦ︾ ᠪᠠ ᠡᠨᠧᠷᠭᠢ ᠠᠷᠪᠢᠯᠠᠵᠤ ᠬᠤᠷᠣᠭᠳᠠᠯ ᠢ | ᠪᠠᠭᠠᠰᠬᠠᠬᠤ ᠦᠢᠯᠡᠳᠦᠯ ᠢ ᠪᠠᠳᠠᠷᠠᠭᠤᠯᠬᠤ ᠪᠣᠯᠣᠨ᠎ᠠ᠃ ᠲᠣᠰ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠨᠢᠭᠡ ᠵᠢᠯ ᠤᠨ ᠳᠣᠲᠣᠷ᠎ᠠ ᠴᠡᠪᠡᠷ ᠡᠨᠧᠷᠭᠢ ᠶᠢ ᠰᠢᠩᠭᠡᠭᠡᠬᠦ ᠣᠷᠣᠨ ᠵᠠᠶ ᠶᠢ 3.6 | ᠳ᠋ᠦᠩᠰᠢᠭᠤᠷ ᠭᠷᠠᠳᠦ᠋ᠰ ᠡᠭᠦᠳᠴᠦ᠂ 12.6 ᠲᠦᠮᠡᠨ ᠲᠣᠨ ᠪᠠᠷᠢᠮᠵᠢᠶᠠᠲᠤ ᠨᠡᠭᠦᠷᠡᠰᠦ᠂130 ᠲᠣᠨ ᠬᠦᠬᠦᠷ ᠤᠨ | ᠳᠠᠪᠬᠤᠷ ᠢᠰᠦᠯ᠂ 200 ᠲᠣᠨ ᠠᠽᠣᠲ ᠤᠨ ᠢᠰᠦᠯ ᠢ ᠠᠷᠪᠢᠯᠠᠬᠤ ᠶᠢᠨ ᠬᠠᠮᠲᠤ ᠳᠤ 600 ᠲᠦᠮᠡᠨ ᠲᠡᠭᠰᠢ | ᠳᠥᠷᠪᠡᠯᠵᠢᠨ ᠮᠧᠲᠷ ᠤᠨ ᠢᠯᠴᠢ ᠬᠠᠩᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ | |