ᠰᠢ ᠶᠢᠨ ᠫᠢᠩ ᠵᠠᠬᠢᠳᠠᠯ ᠢᠯᠡᠭᠡᠵᠦ ︽ᠲᠡᠮᠡᠴᠡᠭᠴᠢ︾ ᠨᠡᠷᠡᠮᠵᠢᠲᠦ ᠪᠥᠬᠦ ᠲᠡᠯᠡᠶ ᠶᠢᠨ ᠭᠦᠨ ᠤ ᠬᠥᠮᠦᠨ ᠰᠠᠭᠤᠯᠭᠠᠭᠰᠠᠨ ᠱᠤᠩᠭᠤᠭᠤᠷ ᠲᠦᠮᠡᠨ ᠮᠧᠲᠷ ᠤᠨ ᠭᠦᠨ ᠲᠡᠯᠡᠶ ᠳᠤ ᠱᠤᠩᠭᠤᠬᠤ ᠲᠤᠷᠰᠢᠯᠲᠠ ᠶᠢ ᠠᠮᠵᠢᠯᠲᠠ ᠲᠠᠢ ᠪᠡᠶᠡᠯᠡᠭᠦᠯᠵᠤ ᠢᠯᠠᠯᠲᠠ ᠲᠠᠢ ᠪᠠᠷ ᠪᠤᠴᠠᠵᠤ ᠢᠷᠡᠭᠰᠡᠨ ᠳᠤ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2020/11/30
     ︽ᠲᠡᠮᠡᠴᠡᠭᠴᠢ︾ ᠨᠡᠷᠡᠮᠵᠢᠲᠦ ᠪᠥᠬᠦ ᠲᠡᠯᠡᠶ ᠶᠢᠨ ᠭᠦᠨ ᠤ ᠬᠥᠮᠦᠨ ᠰᠠᠭᠤᠯᠭᠠᠭᠰᠠᠨ ᠱᠤᠩᠭᠤᠭᠤᠷ ᠲᠦᠮᠡᠨ ᠮᠧᠲᠷ ᠤᠨ ᠭᠦᠨ ᠲᠡᠯᠡᠶ ᠳᠤ ᠱᠤᠩᠭᠤᠬᠤ ᠲᠤᠷᠰᠢᠯᠲᠠ ᠶᠢ ᠠᠮᠵᠢᠯᠲᠠ ᠲᠠᠢ ᠪᠡᠶᠡᠯᠡᠭᠦᠯᠵᠤ 28᠎ ᠤ ᠡᠳᠦᠷ ᠢᠯᠠᠯᠲᠠ ᠲᠠᠢ ᠪᠠᠷ ᠪᠤᠴᠠᠵᠤ ᠢᠷᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠨ ᠬᠠᠯᠠᠭᠤᠨ ᠪᠠᠶᠠᠷ ᠬᠦᠷᠭᠡᠵᠤ᠂ ᠭᠦᠨ ᠳᠠᠯᠠᠢ ᠶᠢᠨ ᠲᠤᠨᠤᠭᠯᠠᠯ ᠤᠨ ᠰᠤᠳᠤᠯᠭᠠᠨ ᠨᠡᠭᠡᠭᠡᠯᠳᠡ᠂ ᠭᠦᠨ ᠴᠡᠭᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠳᠤ ᠬᠦᠴᠦᠯᠡᠨ ᠵᠢᠳᠬᠦᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ︽ᠲᠡᠮᠡᠴᠡᠭᠴᠢ︾ ᠨᠡᠷᠡᠮᠵᠢᠲᠦ ᠶᠢ ᠰᠤᠳᠤᠯᠤᠨ ᠦᠢᠯᠡᠳᠦᠭᠰᠡᠨ ᠵᠢᠴᠢ ᠭᠦᠨ ᠲᠡᠯᠡᠶ ᠳᠤ ᠱᠤᠩᠭᠤᠬᠤ ᠲᠤᠷᠰᠢᠯᠳᠠ ᠪᠠᠨ ᠠᠮᠵᠢᠯᠲᠠ ᠲᠠᠢ ᠪᠡᠶᠡᠯᠡᠭᠦᠯᠦᠭᠰᠡᠨ ᠨᠢ ᠮᠠᠨ ᠤ ᠤᠯᠤᠰ ᠳᠡᠯᠡᠬᠡᠶ ᠶᠢᠨ ᠲᠡᠯᠡᠶ ᠲᠠᠩᠭᠢᠰ ᠤᠨ ᠬᠠᠮᠤᠭ ᠤᠨ ᠭᠦᠨ ᠭᠠᠵᠠᠷ ᠲᠤ ᠬᠦ᠋ᠷᠴᠤ ᠰᠢᠨᠵᠢᠯᠡᠬᠦ ᠤᠬᠠᠭᠠᠨ ᠤ ᠬᠠᠶᠢᠨ ᠰᠦᠪᠡᠭᠴᠢᠯᠡᠯᠳᠡ ᠪᠠ ᠰᠤᠳᠤᠯᠭᠠᠨ ᠥᠷᠨᠢᠭᠦᠯᠬᠦ ᠴᠢᠳᠠᠪᠤᠷᠢ ᠲᠠᠢ ᠪᠣᠯᠤᠭᠰᠠᠨ ᠢ ᠬᠠᠷᠠᠭᠤᠯᠵᠤ᠂ ᠮᠠᠨ ᠤ ᠤᠯᠤᠰ ᠤᠨ ᠳᠠᠯᠠᠶ ᠲᠠᠩᠭᠢᠰ ᠤᠨ ᠳᠡᠭᠡᠳᠦ ᠮᠡᠷᠭᠡᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢ ᠬᠠᠷᠠᠭᠤᠯᠵᠠᠶ᠃ ︽ᠵᠢᠶᠦᠦ ᠯᠦᠩ︾ ᠨᠡᠷᠡᠮᠵᠢᠲᠦ᠂ ︽ᠭᠦᠨ ᠳᠠᠯᠠᠢ ᠶᠢᠨ ᠪᠠᠭᠠᠲᠤᠷ︾ ᠨᠡᠷᠡᠮᠵᠢᠲᠦ ᠠᠴᠠ ᠥᠨᠥᠳᠦᠷ ᠤᠨ ︽ᠲᠡᠮᠡᠴᠡᠭᠴᠢ︾ ᠨᠡᠷᠡᠮᠵᠢᠲᠦ ᠬᠦᠷᠲᠡᠯ᠎ᠡ᠂ ᠲᠠ ᠨᠠᠷ ᠴᠢᠩᠭ᠎ᠠ ᠨᠢᠮᠪᠠᠶ ᠰᠢᠨᠵᠢᠯᠡᠬᠦ ᠤᠬᠠᠭᠠᠨᠴᠢ ᠣᠪᠣᠷ ᠪᠠ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠥᠰᠥ ᠵᠣᠷᠢᠭ ᠢᠶᠠᠷ ︽ᠴᠢᠩᠭ᠎ᠠ ᠨᠢᠮᠪᠠᠢ ᠪᠤᠳᠠᠳᠠᠢ ᠶᠢ ᠡᠷᠬᠢᠮᠯᠡᠬᠦ᠂ ᠪᠦᠯᠬᠦᠮᠳᠡᠨ ᠬᠠᠮᠵᠢᠯᠴᠠᠬᠤ᠂ ᠡᠷᠡᠯᠬᠡᠭᠯᠡᠨ ᠲᠡᠮᠡᠴᠡᠵᠤ ᠬᠤᠪᠢ ᠨᠡᠮᠡᠷᠢ ᠦᠵᠡᠭᠦᠯᠬᠦ᠂ ᠵᠤᠷᠢᠭᠳᠠᠢ ᠪᠠᠷ ᠦᠨᠳᠦᠷ ᠤᠷᠭᠢᠯ ᠳᠤ ᠠᠪᠠᠷᠢᠬᠤ︾ ᠳᠤᠮᠳᠠᠳᠤ ᠤᠯᠤᠰ ᠤᠨ ᠬᠥᠮᠦᠨ ᠰᠠᠭᠤᠯᠭᠠᠭᠰᠠᠨ ᠱᠤᠩᠭᠤᠭᠤᠷ ᠤᠨ ᠭᠦᠨ ᠳᠠᠯᠠᠢ ᠳᠤ ᠱᠤᠩᠭᠤᠬᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠡᠪ ᠳᠠᠭᠤᠷᠢᠶᠠᠯ ᠦᠵᠡᠭᠦᠯᠵᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ ᠭᠦᠨ ᠳᠠᠯᠠᠶ ᠶᠢᠨ ᠲᠤᠨᠤᠭᠯᠠᠯ ᠤᠨ ᠰᠤᠳᠤᠯᠭᠠᠨ ᠨᠡᠭᠡᠭᠡᠯᠳᠡ᠂ ᠭᠦᠨ ᠴᠡᠭᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠳᠤ ᠬᠦᠴᠦᠯᠡᠨ ᠵᠢᠳᠬᠦᠬᠦ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠵᠤᠷᠢᠭᠳᠠᠢ ᠪᠠᠷ ᠭᠦᠨ ᠳᠠᠯᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠭᠢᠯ ᠳᠤ ᠠᠪᠠᠷᠢᠵᠤ᠂ ᠲᠠᠯᠠᠢ ᠲᠠᠩᠭᠢᠰ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠦ᠂ ᠬᠥᠮᠦᠨ ᠲᠥᠷᠥᠯᠬᠢᠲᠡᠨ ᠤ ᠲᠠᠯᠠᠢ ᠲᠠᠩᠭᠢᠰ ᠢ ᠲᠠᠨᠢᠬᠤ᠂ ᠬᠠᠮᠠᠭᠠᠯᠠᠬᠤ᠂ ᠨᠡᠭᠡᠭᠡᠨ ᠠᠰᠢᠡᠡᠯᠠᠬᠤ ᠳᠤ ᠲᠠᠰᠤᠷᠠᠯᠳᠠ ᠦᠭᠡᠢ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠪᠡ᠃      28᠎ ᠤ ᠡᠳᠦᠷ ᠶᠠᠪᠤᠭᠳᠠᠭᠰᠠᠨ ︽ᠲᠡᠮᠡᠴᠡᠭᠴᠢ︾ ᠨᠡᠷᠡᠮᠵᠢᠲᠦ ᠱᠤᠩᠭᠤᠭᠤᠷ ᠭᠦᠨ ᠳᠠᠯᠠᠶ ᠳᠤ ᠱᠤᠩᠭᠤᠬᠤ ᠲᠤᠷᠰᠢᠯᠲᠠ ᠪᠠᠨ ᠠᠮᠵᠢᠯᠳᠠ ᠲᠠᠢ ᠪᠡᠶᠡᠯᠡᠭᠦᠯᠦᠭᠡᠳ ᠪᠤᠴᠠᠵᠤ ᠢᠷᠡᠭᠰᠡᠨ ᠢ ᠤᠭᠲᠤᠬᠤ ᠠᠵᠢᠯᠯᠠᠭ᠎ᠠ ᠳᠡᠭᠡᠷ᠎ᠡ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠯᠢᠦ ᠾᠧ ᠸᠢᠳᠢᠣ᠋ ᠪᠠᠷ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ ᠶᠠᠷᠢᠶ᠎ᠠ ᠲᠠᠯᠪᠢᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠪᠠᠶᠠᠷ ᠤᠨ ᠵᠠᠬᠢᠳᠠᠯ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨ ᠲᠧᠭᠨᠢᠭ ᠮᠨᠷᠭᠡᠵᠢᠯ ᠤᠨ ᠰᠢᠨ᠎ᠡ ᠶᠢ ᠡᠭᠦᠳᠬᠦ ᠪᠠ ᠲᠡᠯᠡᠶ ᠲᠠᠩᠭᠢᠰ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠭᠦᠨ ᠲᠡᠯᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠰᠠᠶᠢᠲᠤᠷ ᠬᠢᠬᠦ ᠴᠢᠭᠯᠡᠯ ᠢ ᠲᠤᠳᠤᠷᠬᠠᠢᠢᠯᠠᠵᠤ᠂ ᠱᠠᠭᠠᠷᠳᠠᠯᠭ᠎ᠠ ᠳᠤᠷᠠᠳᠪᠠ᠂ ᠭᠦᠨᠵᠡᠭᠡᠢ ᠰᠤᠷᠤᠯᠴᠠᠨ ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ︽ᠲᠡᠮᠡᠴᠡᠭᠴᠢ︾ ᠨᠡᠷᠡᠮᠵᠢᠲᠦ ᠶᠢ ᠰᠤᠳᠤᠯᠤᠨ ᠦᠢᠯᠡᠳᠬᠦ ᠶᠠᠪᠤᠴᠠ ᠳᠤ ᠡᠯ᠎ᠡ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠭᠦᠢᠴᠡᠳ ᠳᠠᠶᠢᠴᠢᠯᠠᠨ ᠨᠢᠭᠡᠳᠦᠯᠲᠡᠶ ᠲᠥᠯᠥᠪᠵᠢᠭᠦᠯᠵᠦ᠂ ᠤᠯᠠᠨ ᠲᠠᠯ᠎ᠠ ᠶᠢᠨ ᠵᠠᠩᠭᠢᠯᠠᠭ᠎ᠠ ᠶᠢᠨ ᠮᠡᠷᠭᠡᠵᠢᠯ ᠢ ᠠᠮᠵᠢᠯᠲᠠ ᠲᠠᠢ ᠰᠢᠪᠲᠤᠯᠵᠦ᠂ ᠮᠠᠨ ᠤ ᠤᠯᠤᠰ ᠤᠨ ᠭᠦᠨ ᠳᠠᠯᠠᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠶᠢᠨ ᠰᠦᠪᠡᠭᠴᠢᠯᠡᠯᠲᠡ ᠶᠢᠨ ᠵᠠᠮ ᠳᠠᠬᠢ ᠴᠢᠬᠤᠯᠠ ᠬᠦᠰᠢᠶ᠎ᠠ ᠲᠡᠮᠳᠡᠭ ᠪᠣᠯᠤᠨ᠎ᠠ᠃ ᠠᠮᠵᠢᠯᠲᠠ ᠤᠯᠤᠭᠰᠠᠨ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ᠳᠤᠮᠳᠠᠳᠤ ᠤᠯᠤᠰ ᠤᠨ ᠬᠥᠮᠦᠨ ᠰᠠᠭᠤᠯᠭᠠᠭᠰᠠᠨ ᠱᠤᠩᠭᠤᠭᠤᠷ ᠤᠨ ᠭᠦᠨ ᠲᠠᠯᠠᠢ ᠳᠤ ᠱᠤᠩᠭᠤᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠠ ᠪᠦᠲᠦᠭᠡᠯ ᠢ ᠬᠡᠷᠡᠭᠯᠡᠭᠡᠨ ᠳᠤ ᠤᠷᠤᠭᠤᠯᠵᠤ ᠤᠨᠳᠤᠤᠰᠢᠭᠤᠯᠬᠤ ᠶᠢ ᠲᠦᠷᠭᠡᠳᠬᠡᠵᠦ᠂ ᠨᠡᠩ ᠤᠯᠠᠨ ᠭᠤᠣᠯᠯᠠᠭᠴᠢ ᠮᠡᠷᠭᠡᠵᠢᠯ ᠢ ᠰᠢᠪᠳᠤᠯᠬᠤ ᠪᠠ ᠲᠠᠰᠤᠷᠠᠯᠳᠠ ᠦᠭᠡᠢ ᠳᠡᠰ ᠳᠡᠪᠰᠢᠬᠦ ᠶᠢ ᠠᠬᠢᠭᠤᠯᠬᠤ ᠬᠡᠷᠡᠭᠲᠡᠢ ᠭᠡᠵᠦ ᠢᠯᠡᠳᠭᠡᠪᠡ᠃      ︽ᠠᠷᠪᠠᠨ ᠭᠤᠷᠪᠠᠳᠤᠭᠠᠷ ᠲᠠᠪᠤᠨ ᠵᠢᠯ︾᠎ ᠠᠴᠠ ᠨᠠᠭᠠᠰᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠪᠤᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠣᠩᠭᠤᠴᠠ ᠰᠠᠯ ᠤᠨ ᠪᠦᠯᠦᠭᠯᠡᠯ ᠬᠠᠮᠲᠤᠷᠠᠨ᠂ ᠵᠠᠭᠤ ᠰᠢᠬᠠᠮ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠮᠢᠩᠭ᠎ᠠ ᠰᠢᠬᠠᠮ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠵᠣᠬᠢᠶᠠᠨ ᠪᠠᠶᠢᠭᠤᠯᠵᠤ᠂ ᠰᠢᠷᠭᠠᠭᠤ ᠬᠠᠲᠠᠭᠤᠵᠢᠯᠲᠠᠶ ᠪᠠᠷ ᠪᠣᠭᠤᠮᠲᠠ ᠰᠢᠪᠲᠤᠯᠬᠤ ᠪᠠᠷ ᠳᠠᠮᠵᠢᠨ᠂ ︽ᠲᠡᠮᠡᠴᠡᠭᠴᠢ︾ ᠨᠡᠷᠡᠮᠵᠢᠲᠦ ᠶᠢ ᠰᠤᠳᠤᠯᠤᠨ ᠦᠢᠯᠡᠳᠬᠦ ᠠᠵᠢᠯ ᠢ ᠠᠮᠵᠢᠯᠲᠠ ᠲᠠᠢ ᠪᠡᠶᠡᠯᠡᠭᠦᠯᠪᠡ᠃ 2020 ᠣᠨ ᠤ 10 ᠰᠠᠷ᠎ᠠ ᠶᠢᠨ 10᠎ ᠤ ᠡᠳᠦᠷ ᠠᠴᠠ ᠡᠬᠢᠯᠡᠨ᠂ ︽ᠲᠡᠮᠡᠴᠡᠭᠴᠢ︾ ᠨᠡᠷᠡᠮᠵᠢᠲᠦ ᠮᠠᠷᠢᠶᠠᠨᠠ ᠶᠢᠨ ᠳᠠᠯᠠᠶ ᠶᠢᠨ ᠭᠤᠤ ᠳᠤ ᠬᠦᠷᠴᠦ ᠲᠦᠮᠡᠨ ᠮᠧᠲᠷ ᠤᠨ ᠬᠦᠨ ᠳᠠᠯᠠᠶ ᠳᠤ ᠱᠤᠩᠭᠤᠬᠤ ᠲᠤᠷᠰᠢᠯᠲᠠ ᠬᠢᠵᠦ᠂ 13 ᠤᠳᠠᠭ᠎ᠠ ᠳᠠᠯᠠᠢ ᠳᠤ ᠱᠤᠩᠭᠤᠬᠤ ᠶᠢ ᠪᠡᠶᠡᠯᠡᠭᠦᠯᠪᠠ᠂ ᠡᠭᠦᠨ ᠳᠤ 8 ᠤᠳᠠᠭ᠎ᠠ ᠨᠢ ᠲᠦᠮᠡᠨ ᠮᠧᠲᠷ ᠤᠨ ᠭᠦᠨ ᠢ ᠳᠠᠪᠠᠵᠠᠶ᠃ 11 ᠰᠠᠷ᠎ᠠ ᠶᠢᠨ 10᠎ ᠤ ᠡᠳᠦᠷ ᠤᠨ 8 ᠴᠠᠭ 12 ᠮᠢᠨᠦ᠋ᠲ ᠲᠤ᠂ ︽ᠲᠡᠮᠡᠴᠡᠭᠴᠢ︾ ᠨᠡᠷᠡᠮᠵᠢᠲᠦ 10909 ᠮᠧᠲᠷ ᠤᠨ ᠭᠦᠨ ᠳᠠᠯᠠᠢ ᠳᠤ ᠱᠤᠩᠭᠤᠵᠤ᠂ ᠳᠤᠮᠳᠠᠳᠤ ᠤᠯᠤᠰ ᠤᠨ ᠬᠥᠮᠦᠨ ᠰᠠᠭᠤᠯᠭᠠᠭᠰᠠᠠ ᠱᠤᠩᠭᠤᠭᠤᠷ ᠤᠨ ᠭᠦᠨ ᠲᠠᠯᠠᠢ ᠳᠤ ᠱᠤᠩᠭᠤᠭᠰᠠᠨ ᠰᠢᠨ᠎ᠡ ᠲᠡᠮᠳᠡᠭᠯᠡᠯ ᠢ ᠡᠭᠦᠳᠴᠤ᠂ ᠡᠴᠢᠨ᠎ᠠ ᠭᠦᠨ ᠳᠤ ᠱᠤᠩᠭᠤᠬᠤ ᠬᠦᠷᠢᠶᠡᠨ ᠳᠤ ᠮᠠᠨ ᠤ ᠤᠯᠤᠰ ᠤᠨ ᠬᠥᠮᠦᠨ ᠰᠠᠭᠤᠯᠭᠠᠭᠰᠠᠠ ᠱᠤᠩᠭᠤᠭᠤᠷ ᠤᠨ ᠮᠡᠷᠭᠡᠵᠢᠯ ᠳᠡᠯᠡᠬᠡᠶ ᠶᠢᠨ ᠲᠡᠷᠢᠭᠦᠨ ᠤ ᠲᠦᠪᠰᠢᠨ ᠳᠤ ᠬᠦᠷᠦᠭᠰᠡᠨ ᠢ ᠬᠠᠷᠠᠭᠤᠯᠤᠭᠰᠠᠠ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号