2020 ᠣᠨ ᠤ 11 ᠰᠠᠷ᠎ᠠ ᠶᠢᠨ 29 ᠤ ᠡᠳᠦᠷ ᠤᠨ 7 ᠴᠠᠭ ᠠᠴᠠ 11 ᠰᠠᠷ᠎ᠠ ᠶᠢᠨ 30 ᠤ ᠡᠳᠦᠷ ᠤᠨ | 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠠᠨᠵᠤᠤᠷ ᠬᠤᠲᠠ ᠳᠤ ᠲᠣᠬᠠᠢ ᠶᠢᠨ | ᠭᠠᠵᠠᠷ ᠤᠨ ᠡᠪᠡᠳᠴᠢᠨ ᠤ ᠵᠢᠱᠢᠶ᠎ᠡ 3 ︵ᠡᠭᠦᠨ ᠤ 1 ᠨᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ | ᠪᠠᠶᠢᠵᠠᠢ︶ ᠨᠡᠮᠡᠭᠳᠡᠵᠦ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠰᠠᠳ 3 ᠨᠡᠮᠡᠭᠳᠡᠪᠡ᠃ 2 ᠡᠪᠡᠳᠴᠢᠲᠡᠨ | ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ | ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ︶ ᠡᠷᠡᠭᠦᠯᠵᠢᠵᠦ ᠡᠮᠨᠡᠯᠭᠡ ᠠᠴᠠ | ᠭᠠᠷᠪᠠ᠃ | 2020 ᠣᠨ ᠤ 11 ᠰᠠᠷ᠎ᠠ ᠶᠢᠨ 30 ᠤ ᠡᠳᠦᠷ ᠤᠨ 7 ᠴᠠᠭ ᠪᠣᠯᠲᠠᠯ᠎ᠠ᠂ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ14᠂ ᠰᠡᠵᠢᠭᠯᠡᠯᠲᠡᠢ ᠡᠪᠡᠳᠴᠢᠨ ᠤ ᠵᠢᠱᠢᠶ᠎ᠡ 2᠂ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠰᠠᠳ 4 ᠪᠠᠶᠢᠵᠤ᠂ ᠪᠦᠬᠦᠨ ᠢ ᠮᠠᠨᠵᠤᠤᠷ ᠬᠤᠲᠠ ᠶᠢᠨ ᠲᠣᠭᠲᠠᠭᠰᠠᠨ ᠡᠮᠨᠡᠯᠭᠡ ᠶᠢᠨ | ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠲᠠᠬᠤᠯ ᠡᠪᠡᠳᠴᠢᠨ ᠤ ᠰᠣᠳᠤᠯᠤᠯ ᠤᠨ ᠪᠠᠶᠢᠴᠠᠭᠠᠯᠲᠠ ᠪᠠ ᠡᠬᠢ | ᠡᠭᠦᠰᠦᠯ ᠢ ᠮᠦᠷᠳᠡᠨ ᠡᠷᠢᠬᠦ ᠠᠵᠢᠯ ᠢ ᠥᠷᠭᠦᠯᠵᠢᠯᠡᠨ ᠬᠢᠵᠦ ᠪᠠᠶᠢᠨ᠎ᠠ᠃ 940 ᠨᠢᠭᠲᠠ ᠣᠶᠢᠷᠠᠲᠤᠭᠰᠠᠳ ᠢ | ᠦᠯᠡᠳᠡᠭᠡᠯ ᠦᠭᠡᠢ ᠪᠠᠶᠢᠴᠠᠭᠠᠨ ᠣᠯᠵᠤ᠂ ᠪᠦᠬᠦᠨ ᠢ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ | ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠣᠢ᠃ | ᠣᠳᠣᠬᠠᠨ ᠳᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠲᠣᠯᠠᠭᠰᠠᠨ ᠡᠪᠡᠳᠴᠢᠨ ᠤ ᠵᠢᠱᠢᠶ᠎ᠡ 4 | ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ | ᠤᠶᠢᠷᠠᠲᠤᠭᠰᠠᠳ ᠢ ᠨᠢ ᠪᠦᠬᠦᠨ ᠢ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ | ᠰᠡᠷᠭᠡᠶᠢᠯᠡᠵᠦ ᠪᠠᠶᠢᠨ᠎ᠠ᠃ | |