ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2020/11/4
     11 ᠳ᠋ᠦ᠋ᠭᠡᠷ ᠰᠠᠷ᠎ᠠ ᠶᠢᠨ 2᠎ ᠤᠨ ᠡᠳᠦᠷ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠬᠡᠲᠦ ᠪᠠᠯᠭᠠᠰᠤ ᠶᠢᠨ ᠬᠤᠲᠠ ᠶᠢᠨ ᠵᠢᠯᠠᠭ᠎ᠠ ᠭᠠᠴᠠᠭᠠᠨ ᠤ ᠲᠠᠷᠢᠮᠠᠯ ᠤᠨ ᠡᠷᠦᠬᠡ ᠶᠠᠭ ᠰᠢᠰᠢ ᠬᠤᠷᠢᠶᠠᠵᠤ ᠪᠠᠶᠢᠨ᠎ᠠ᠃ ᠣᠶᠢᠯᠠᠭᠠᠭᠰᠠᠨ ᠢᠶᠠᠷ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠣᠳᠣ 416 ᠲᠦᠮᠡᠨ ᠮᠥ ᠲᠠᠷᠢᠶᠠᠨ ᠭᠠᠵᠠᠷ ᠪᠤᠢ᠂ ᠲᠣᠰ ᠬᠤᠰᠢᠭᠤ ᠨᠢ ︽ᠬᠤᠶᠠᠷ ᠠᠮᠤ︾᠂ ᠰᠢᠬᠢᠷ ᠯᠤᠤᠪᠠᠩ᠂ ᠡᠪᠡᠰᠦᠨ ᠡᠮ ᠵᠡᠷᠭᠡ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ 5 ᠶᠡᠭᠡ ᠴᠢᠳᠠᠮᠵᠢᠲᠦ ᠣᠷᠣᠨ ᠤ ᠪᠥᠲᠥᠭᠡᠨ ᠪᠠᠶᠢᠭᠤᠯᠤᠯᠲᠠ ᠪᠠᠷ ᠬᠦᠴᠦᠯᠡᠬᠦ ᠴᠡᠭ ᠪᠣᠯᠭᠠᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠠᠵᠤ ᠦᠢᠯᠡᠰ ᠤᠨ ᠬᠢᠷᠢ ᠲᠥᠪᠰᠢᠨ ᠪᠣᠯᠤᠨ ᠳᠡᠯᠭᠡᠨ ᠦᠵᠡᠭᠦᠯᠬᠦ ᠴᠢᠳᠠᠮᠵᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ ᠥᠷᠭᠡᠳᠬᠡᠵᠦ᠂ ᠪᠦᠬᠦ ᠬᠤᠰᠢᠭᠤᠨ ᠤ ᠪᠡᠯᠡᠳᠬᠡᠮᠵᠢᠲᠦ ᠲᠠᠷᠢᠶᠠᠯᠠᠩ᠂ ᠣᠨᠴᠠᠯᠢᠭᠲᠤ ᠲᠠᠷᠢᠶᠠᠯᠠᠩ᠂ ᠠᠮᠢ ᠠᠬᠤᠢ ᠶᠢᠨ ᠲᠠᠷᠢᠶᠠᠯᠠᠩ᠂ ᠵᠢᠭᠤᠯᠴᠢᠯᠠᠯ ᠤᠨ ᠲᠠᠷᠢᠶᠠᠯᠠᠩ᠂ ᠥᠨᠳᠥᠷ ᠦᠷ᠎ᠡ ᠠᠰᠢᠭᠲᠤ ᠲᠠᠷᠢᠶᠠᠯᠠᠩ ᠤᠨ ᠬᠥᠭᠵᠢᠯᠲᠡ ᠶᠢ ᠳᠠᠶᠢᠴᠢᠯᠠᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号